| 3 ᠰᠠᠷ᠎ᠠ ᠶᠢᠨ 7 ᠤ ᠡᠳᠦᠷ᠂ ᠮᠠᠨ ᠤ ᠬᠤᠰᠢᠭᠤ ᠪᠡᠶ᠎ᠡ ᠲᠠᠮᠢᠷ ᠤᠨ ᠬᠥᠳᠡᠯᠭᠡᠭᠡᠨ ᠤ ᠲᠥᠪ ᠤᠨ ᠲᠥᠷᠥᠯ | ᠵᠦᠢᠯ ᠳᠤ ᠠᠷᠠᠯᠵᠢᠶᠠᠴᠢᠨ ᠤᠷᠢᠵᠤ ᠵᠣᠯᠭᠠᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠬᠤᠷᠠᠯ ᠡᠷᠬᠢᠯᠡᠨ ᠶᠠᠷᠢᠶ᠎ᠠ ᠲᠠᠯᠪᠢᠵᠤ᠂ | ᠬᠤᠰᠢᠭᠤᠨ ᠳᠡᠳ᠋ ᠳᠠᠷᠤᠭ᠎ᠠ ᠳᠤᠪᠳᠤᠨᠰᠡᠩᠭᠡ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠲᠥᠷᠥᠯ ᠵᠦᠢᠯ ᠤᠨ ᠬᠠᠷᠢᠭᠤᠴᠠᠯᠭᠠᠲᠠᠨ ᠠᠴᠠ ᠪᠡᠶ᠎ᠡ ᠲᠠᠮᠢᠷ ᠤᠨ ᠬᠥᠳᠡᠯᠭᠡᠭᠡᠨ ᠤ | ᠲᠥᠪ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ | ᠢᠷᠡᠭᠡᠳᠦᠶ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠨᠠᠷᠢᠨ ᠲᠠᠨᠢᠯᠴᠠᠭᠤᠯᠪᠠ᠃ ᠲᠣᠰ ᠪᠡᠶ᠎ᠡ ᠲᠠᠮᠢᠷ ᠤᠨ | ᠬᠥᠳᠡᠯᠭᠡᠭᠡᠨ ᠤ ᠲᠥᠪ ᠨᠢ ᠰᠠᠭᠰᠤᠨ ᠪᠥᠮᠪᠦᠭᠡ᠂ ᠬᠥᠯ ᠪᠥᠮᠪᠦᠭᠡ᠂ ᠥᠳᠥᠨ ᠪᠥᠮᠪᠦᠭᠡ ᠵᠡᠷᠭᠡ ᠣᠯᠠᠨ ᠲᠠᠮᠢᠷ ᠤᠨ | ᠬᠥᠳᠡᠯᠭᠡᠭᠡᠨ ᠤ ᠲᠠᠯᠠᠪᠤᠷ ᠣᠷᠳᠣᠨ ᠢ ᠬᠠᠮᠤᠷᠬᠤ ᠶᠢᠨ ᠬᠠᠮᠲᠤ ᠪᠡᠶ᠎ᠡ ᠴᠢᠭᠢᠷᠠᠭᠵᠢᠭᠤᠯᠬᠤ ᠣᠳᠣᠬᠢᠴᠢᠯᠠᠭᠰᠠᠨ | ᠲᠥᠬᠦᠭᠡᠷᠦᠮᠵᠢ ᠪᠠ ᠰᠡᠯᠡᠭᠦᠴᠡᠯ ᠤᠨ ᠣᠷᠣᠨ ᠪᠦᠰᠡ ᠶᠢ ᠳᠣᠭᠢᠷᠠᠭᠤᠯᠵᠤ᠂ ᠪᠡᠶ᠎ᠡ ᠲᠠᠮᠢᠷ ᠤᠨ ᠤᠷᠤᠯᠳᠤᠭᠠᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ᠂ ᠪᠡᠶ᠎ᠡ ᠲᠠᠮᠢᠷ ᠤᠨ ᠪᠤᠯᠪᠠᠰᠤᠷᠠᠯ᠂ ᠬᠤᠳᠠᠯᠳᠤᠭ᠎ᠠ ᠶᠢ ᠢᠵᠢ | ᠪᠦᠷᠢᠳᠥᠭᠦᠯᠥᠨ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠲᠠᠮᠢᠷ ᠤᠨ ᠦᠢᠯᠡᠴᠢᠯᠡᠭᠡᠨ ᠤ | ᠲᠠᠪᠴᠠᠩ ᠪᠤᠯᠬᠤ ᠶᠤᠮ᠃ | ᠮᠠ ᠶᠦᠩ ᠭᠠᠩ ᠪᠡᠶ᠎ᠡ ᠲᠠᠮᠢᠷ ᠤᠨ ᠠᠵᠤ ᠦᠢᠯᠡᠰ ᠤᠨ ᠬᠤᠳᠠ ᠲᠤᠭᠤᠷᠢᠭ ᠤᠨ ᠬᠥᠭᠵᠢᠯᠲᠡ ᠳᠠᠬᠢ | ᠴᠢᠬᠤᠯᠠ ᠴᠢᠨᠠᠷ ᠢ ᠴᠢᠬᠤᠯᠠᠴᠢᠯᠠᠵᠤ᠂ ᠠᠵᠤ ᠠᠬᠤᠶᠢᠯᠠᠯ ᠤᠨ ᠪᠡᠶ᠎ᠡ ᠲᠠᠮᠢᠷ ᠤᠨ ᠠᠵᠢᠯᠯᠠᠭ᠎ᠠ ᠶᠢᠨ ᠲᠥᠪ ᠤᠨ | ᠪᠦᠳᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠪᠡᠶ᠎ᠡ | ᠲᠠᠮᠢᠷ ᠤᠨ ᠦᠢᠯᠡᠰ ᠪᠣᠯᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠠᠮᠲᠤᠪᠠᠷ ᠠᠬᠢᠭᠤᠯᠬᠤ ᠶᠢᠨ ᠬᠠᠮᠲᠤ | ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠨᠠᠷᠢᠨ ᠵᠦᠢᠯᠡᠰ᠂ ᠡᠵᠡᠩᠨᠡᠯᠲᠡ ᠶᠢᠨ ᠵᠠᠭᠪᠤᠷ | ᠂ ᠵᠠᠬ᠎ᠠ ᠳᠡᠯᠭᠡᠭᠦᠷ ᠢ ᠳᠡᠯᠭᠡᠷᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ | ᠮᠠ ᠶᠦᠩ ᠭᠠᠩ ᠴᠢᠬᠤᠯᠠᠴᠢᠯᠠᠭᠰᠠᠨ ᠨᠢ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠭᠠᠵᠠᠷ ᠰᠢᠷᠣᠶ ᠲᠠᠲᠠᠪᠤᠷᠢᠯᠠᠬᠤ ᠭᠠᠷᠳᠠᠮ ᠢ ᠭᠦᠢᠴᠡᠳᠭᠡᠬᠦ ᠵᠡᠷᠭᠡ ᠬᠠᠮᠢᠶ᠎ᠠ ᠪᠥᠬᠦᠶ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠳᠤᠬᠢᠳᠠᠶᠢᠬᠠᠨ ᠰᠢᠢᠳᠪᠥᠷᠢᠯᠡᠵᠥ᠂ | ᠲᠥᠷᠥᠯ ᠵᠦᠢᠯ ᠤᠨ ᠤᠷᠤᠭᠰᠢᠲᠠᠶ ᠶᠠᠪᠤᠭᠳᠠᠨ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠬᠤ ᠶᠢ | ᠪᠠᠲᠤᠯᠠᠬᠤ ᠬᠡᠷᠡᠭᠲᠡᠶ ᠭᠡᠵᠡᠢ᠃ |