ᠮᠠᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠤᠯᠠᠭᠠᠨᠬᠠᠳᠠ ᠳᠡᠭᠡᠳᠦ ᠰᠤᠷᠭᠠᠭᠤᠯᠢ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ  ᠲᠦᠯᠥᠪᠵᠢᠭᠰᠡᠨ ᠬᠡᠯᠡᠯᠴᠡᠭᠡᠷ︾  ᠲᠤᠭᠲᠠᠪᠠ
ᠨᠡᠶᠢᠲᠡᠯᠡᠭᠰᠡᠨ ᠴᠠᠭ᠄
2025/3/13
     3 ᠰᠠᠷ᠎ᠡ ᠶᠢᠨ 7 ᠤ ᠡᠳᠦᠷ᠂  ᠮᠠᠨ ᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠳᠠ ᠳᠡᠭᠡᠳᠦ ᠰᠤᠷᠭᠠᠭᠤᠯᠢ ︽ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠲᠦᠯᠥᠪᠵᠢᠭᠰᠡᠨ ᠬᠡᠯᠡᠯᠴᠡᠭᠡᠷ︾ ᠳᠤᠭᠳᠠᠵᠤ᠂ ᠰᠤᠷᠭᠠᠭᠤᠯᠢ ᠪᠠ ᠤᠷᠤᠨ ᠨᠤᠳᠤᠭ ᠤᠨ ᠬᠠᠮᠳᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠳᠤ ᠪᠠᠷ ᠨᠡᠭᠡᠭᠡᠪᠡ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠮᠥᠩᠬᠡᠪᠠᠭᠠᠲᠤᠷ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠸᠠᠩ ᠬᠤᠸᠠᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠨᠠᠷ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃     ᠮᠥᠩᠬᠡ ᠣᠩᠨᠢᠭᠤᠳ ᠬᠤᠰᠢᠭᠤᠨ ᠤ ᠨᠠᠮ ᠤᠨ ᠬᠤᠷᠢᠶ᠎ᠠ᠂  ᠵᠠᠰᠠᠭ ᠤᠨ ᠣᠷᠳᠣᠨ ᠪᠣᠯᠤᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠲᠥᠯᠥᠭᠡᠯᠡᠨ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠷᠲᠤ ᠬᠤᠭᠤᠴᠠᠭᠠᠨ ᠤ ᠲᠤᠷᠰᠢ ᠣᠩᠨᠢᠭᠤᠳ ᠬᠤᠰᠢᠭᠤᠨ ᠤ ᠬᠥᠭᠵᠢᠯᠲᠡ ᠳᠤ ᠦᠵᠡᠭᠦᠯᠦᠭᠰᠡᠨ ᠬᠠᠪᠰᠤᠷᠤᠯᠭ᠎ᠠ ᠳᠡᠮᠵᠢᠯᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠮᠥᠩᠬᠡ  ᠶᠠᠷᠢᠶᠠᠨ ᠳᠠᠭᠠᠨ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ  ᠰᠠᠯᠠᠭ᠎ᠠ ᠲᠥᠷᠥᠯ  ᠪᠦᠷᠢᠨ᠂ ᠪᠠᠭᠰᠢ ᠶᠢᠨ ᠡᠩᠨᠡᠭᠡᠨ ᠤ ᠬᠦᠴᠦᠨ ᠴᠢᠩᠭ᠎ᠠ᠂  ᠰᠤᠳᠤᠯᠭᠠᠨ ᠤ ᠦᠷ᠎ᠡ ᠪᠦᠲᠦᠭᠡᠯ ᠡᠯᠪᠡᠭ᠂ ᠤᠯᠠᠭᠠᠨᠬᠠᠳᠠ ᠣᠷᠣᠨ ᠤ ᠬᠥᠭᠵᠢᠯᠲᠡ ᠳᠤ ᠦᠢᠯᠡᠴᠢᠯᠡᠬᠦ  ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠢ ᠬᠦᠮᠥᠵᠢᠭᠦᠯᠥᠭᠰᠡᠭᠡᠷ ᠢᠷᠡᠭᠰᠡᠨ ᠶᠤᠮ᠃ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ︾ ᠶᠢ ᠪᠠᠷᠢᠮᠲᠠᠯᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠡᠯᠡᠰᠦ ᠶᠢ  ᠰᠡᠷᠭᠡᠶᠢᠯᠡᠨ  ᠵᠠᠰᠠᠬᠤ᠂ ᠰᠣᠶᠣᠯ ᠢ ᠤᠯᠠᠮᠵᠢᠯᠠᠨ ᠬᠠᠮᠠᠭᠠᠯᠠᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠰᠤᠷᠭᠠᠨ ᠬᠥᠮᠦᠵᠢᠯ ᠡᠮ ᠡᠮᠨᠡᠯᠭᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠂ ︽ ᠦᠢᠯᠡᠳᠪᠥᠷᠢᠯᠡᠯ  ᠰᠤᠷᠭᠠᠨ ᠬᠦᠮᠥᠵᠢᠯ  ᠰᠣᠳᠣᠯᠭᠠᠨ  ᠬᠡᠷᠡᠭᠯᠡᠯᠳᠡ︾ ᠶᠢ ᠠᠭᠤᠰᠤᠯᠴᠠᠭᠤᠯᠤᠨ ᠬᠥᠭᠵᠢᠭᠦᠯᠬᠦ ᠲᠠᠪᠴᠠᠩ ᠢ ᠪᠥᠬᠦ ᠲᠠᠯ᠎ᠠ ᠪᠠᠷ ᠪᠠᠶᠢᠭᠤᠯᠵᠤ᠂ ᠨᠠᠩ ᠣᠯᠠᠨ ᠥᠨᠳᠥᠷ ᠬᠢᠷᠢ ᠲᠦᠪᠰᠢᠨ ᠪᠥᠬᠦᠶ ᠴᠢᠳᠠᠪᠤᠷᠢᠲᠠᠨ ᠤ ᠣᠩᠨᠢᠭᠤᠳ ᠬᠤᠰᠢᠭᠤᠨ ᠳᠤ ᠦᠨᠳᠦᠰᠦᠯᠡᠬᠦ ᠶᠢ ᠠᠬᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠩᠨᠢᠭᠤᠳ ᠬᠤᠰᠢᠭᠤᠨ ᠳᠤ  ᠤᠯᠠᠷᠢᠭᠤᠯᠤᠨ ᠬᠡᠷᠡᠭᠯᠡᠬᠦ ᠶᠢ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠢᠭᠡᠳ ᠣᠷᠣᠨ ᠨᠤᠲᠤᠭ ᠤᠨ ᠬᠥᠭᠵᠢᠯᠲᠡ ᠶᠢᠨ ︽ᠬᠤᠤᠰ ᠴᠢᠭᠯᠡᠯ ᠢᠶᠠᠷ ᠡᠨᠧᠷᠬᠢ ᠣᠯᠭᠤᠬᠤ︾ ᠶᠢ ᠦᠨᠡᠨ ᠬᠦ ᠪᠡᠶᠡᠯᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ  ᠭᠡᠪᠡ᠃      ᠮᠥᠩᠬᠡ  ᠶᠠᠷᠢᠶᠠᠨ ᠳᠠᠭᠠᠨ᠂ ᠲᠠᠷᠠᠭᠠᠴᠢ ᠶᠢᠨ ᠠᠯᠬᠤᠮ ᠳᠤ᠂ ᠣᠩᠨᠢᠭᠤᠳ ᠬᠤᠰᠢᠭᠤ   ᠨᠢ  ᠲᠤᠰᠬᠠᠶ ᠠᠵᠢᠯᠯᠠᠬᠤ ᠠᠩᠭᠢ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠠᠵᠢᠯ ᠤᠨ ᠲᠥᠯᠥᠪᠯᠡᠭᠡ ᠲᠣᠭᠲᠠᠭᠠᠨ᠂ ᠡᠭᠦᠷᠭᠡ ᠶᠢᠨ ᠨᠠᠷᠢᠨ ᠲᠠᠩᠰᠠ ᠶᠢ ᠵᠢᠭᠰᠠᠭᠠᠵᠤ᠂ ᠵᠣᠯᠭᠠᠭᠤᠯᠬᠤ ᠲᠣᠭᠲᠠᠴᠠ ᠶᠢ ᠰᠢᠯᠤᠭᠤᠳᠬᠠᠨ᠂ ᠲᠤᠰᠬᠠᠶ ᠬᠥᠮᠦᠨ ᠢᠶᠠᠷ ᠠᠩᠬᠠᠷᠤᠭᠤᠯᠤᠨ  ᠬᠠᠮᠢᠶᠠᠷᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ  ᠭᠦᠨᠵᠡᠭᠡᠶᠢᠷᠡᠬᠦ ᠶᠢ   ᠠᠬᠢᠭᠤᠯᠤᠨ᠎ᠠ ᠭᠡᠵᠡᠶ᠃      ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠮᠥᠩᠬᠡᠪᠠᠭᠠᠲᠤᠷ  ᠶᠠᠷᠢᠶᠠᠨ  ᠳᠠᠭᠠᠨ᠂ ᠤᠯᠠᠭᠠᠨᠬᠠᠳᠠ ᠳᠡᠭᠡᠳᠦ ᠰᠤᠷᠭᠠᠭᠤᠯᠢ ᠨᠢ ᠲᠣᠰ ᠤᠳᠠᠭᠠᠨ ᠤ ᠬᠠᠮᠲᠤᠷᠠᠯᠴᠠᠭ᠎ᠠ ᠪᠠᠷ ᠲᠣᠬᠢᠶᠠᠯ ᠪᠣᠯᠭᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠣᠩᠨᠢᠭᠤᠳ ᠬᠤᠰᠢᠭᠤ  ᠲᠠᠢ ᠬᠠᠮᠲᠤᠷᠠᠯᠴᠠᠭ᠎ᠠ ᠪᠠᠨ  ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠤᠯᠠᠮ ᠨᠢᠭᠡ ᠠᠯᠬᠤᠮ ᠲᠦᠷᠭᠡᠳᠬᠡᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ  ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠶᠢᠩ᠂ ᠬᠤᠰᠢᠭᠤᠨ  ᠳᠡᠳ᠋ ᠳᠠᠷᠤᠭ᠎ᠠ ᠯᠢ ᠬᠤᠶ ᠨᠠᠷ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号