| | ᠣᠶᠢᠷ᠎ᠠ ᠳᠤ᠂ ᠪᠦᠬᠦ ᠬᠤᠲᠠ ᠶᠢᠨ ᠠᠩᠬᠠᠳᠠᠭᠴᠢ ᠲᠠᠷᠢᠶᠠᠯᠠᠩ ᠦᠢᠯᠡᠳᠪᠦᠷᠢᠯᠡᠯ ᠤᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠳᠤ ᠵᠤᠷᠢᠭᠤᠯᠤᠭᠰᠠᠨ ᠠᠦ᠋ᠲ᠋ᠣᠴᠢᠯᠠᠭᠰᠠᠨ ᠴᠠᠭ ᠠᠭᠤᠷ ᠤᠨ ᠥᠷᠲᠡᠭᠡ ᠣᠩᠨᠢᠭᠤᠳ | ᠬᠤᠰᠢᠭᠤᠨ ᠤ ᠪᠣᠷᠣᠬᠤᠲᠠ ᠪᠠᠯᠭᠠᠰᠤ ᠶᠢᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠲᠤ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠲᠠᠷᠢᠶᠠᠯᠠᠩ ᠦᠢᠯᠡᠳᠪᠦᠷᠢᠯᠡᠯ ᠤᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠠᠦ᠋ᠲ᠋ᠣᠴᠢᠯᠠᠭᠰᠠᠨ ᠴᠠᠭ ᠠᠭᠤᠷ ᠤᠨ ᠥᠷᠲᠡᠭᠡ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ | 17 ᠲᠦᠮᠡᠨ ᠲᠥᠭᠦᠷᠢᠭ ᠪᠠᠶᠢᠵᠤ᠂ ᠣᠩᠨᠢᠭᠤᠳ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ | ᠲᠣᠭᠤᠷᠢᠭ ᠤᠨ ᠬᠤᠶᠢᠲᠤ ᠲᠠᠯ᠎ᠠ ᠳᠤ ᠪᠠᠶᠢᠷᠢᠯᠠᠳᠠᠭ᠃ ᠴᠠᠭ ᠠᠭᠤᠷ ᠤᠨ ᠥᠷᠲᠡᠭᠡ ᠨᠢ ᠬᠦᠷᠢᠶᠡᠯᠡᠩ ᠲᠣᠭᠤᠷᠢᠭ ᠤᠨ ᠡᠷᠬᠢᠨ | ᠲᠣᠭᠤᠷᠢᠨ ᠤ ᠠᠭᠠᠷ ᠤᠨ ᠳᠤᠯᠠᠭᠠᠨ᠂ ᠲᠤᠨᠤᠳᠠᠰᠤᠨ ᠤ ᠬᠡᠮᠵᠢᠶ᠎ᠡ᠂ ᠰᠠᠯᠬᠢᠨ ᠤ ᠴᠢᠭᠯᠡᠯ ᠪᠤᠯᠤᠨ ᠰᠠᠯᠬᠢᠨ ᠤ ᠬᠤᠷᠳᠤᠴᠠ | ᠵᠡᠷᠭᠡ ᠴᠠᠭ ᠠᠭᠤᠷ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠦᠨᠳᠦᠰᠦᠯᠡᠨ᠂ ᠴᠠᠭ ᠠᠭᠤᠷ ᠢ ᠤᠷᠢᠳᠴᠢᠯᠠᠨ | ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠲᠦᠬᠦᠭᠡᠷᠦᠮᠵᠢᠲᠦ ᠲᠠᠷᠢᠶᠠᠯᠠᠩ ᠦᠢᠯᠡᠳᠪᠦᠷᠢᠯᠡᠯ ᠢ ᠨᠠᠩ ᠣᠨᠣᠪᠴᠢᠲᠠᠶ | ᠵᠢᠯᠣᠭᠤᠳᠬᠤ ᠪᠤᠯᠤᠨ ᠠᠭᠤᠷ ᠠᠮᠢᠰᠬᠤᠯ ᠤᠨ ᠬᠤᠪᠢᠷᠠᠯᠲᠠ ᠶᠢ ᠰᠤᠳᠤᠯᠤᠨ᠂ ᠴᠠᠭ ᠠᠭᠤᠷ ᠤᠨ ᠲᠤᠭ᠎ᠠ ᠪᠠᠷᠢᠮᠲᠠ ᠶᠢᠨ | ᠣᠨᠣᠪᠴᠢᠲᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠪᠠ ᠲᠠᠷᠢᠶᠠᠴᠢᠨ ᠡᠷᠦᠬᠡ ᠶᠢᠨ ᠭᠠᠮᠰᠢᠭ ᠢ | ᠰᠡᠷᠭᠡᠶᠢᠯᠡᠬᠦ ᠠᠵᠢᠯ ᠢ ᠤᠷᠢᠳᠴᠢᠯᠠᠨ ᠬᠢᠬᠦ ᠳᠤ ᠬᠦᠴᠦᠨ ᠨᠡᠮᠡᠷᠢᠯᠡᠨ᠂ ᠲᠠᠷᠢᠶᠠᠯᠠᠩ ᠦᠢᠯᠡᠳᠪᠦᠷᠢᠯᠡᠯ ᠤᠨ ᠦᠷ᠎ᠡ ᠪᠦᠲᠦᠮᠵᠢ | ᠪᠠ ᠠᠵᠤ ᠠᠬᠤᠶ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃ | |