| | ᠠᠭᠤᠷ ᠠᠮᠢᠰᠬᠤᠯ ᠳᠤᠯᠠᠭᠠᠷᠠᠵᠤ᠂ ᠤᠷᠢᠬᠠᠨ ᠬᠠᠪᠤᠷ ᠡᠬᠡ ᠳᠡᠯᠡᠬᠡᠢ ᠳᠤ ᠰᠠᠭᠠᠲᠠᠬᠤ ᠪᠠᠷ᠂ ᠨᠡᠭᠦᠳᠡᠯ ᠤᠨ | ᠰᠢᠪᠠᠭᠤᠳ ᠰᠢᠷᠠᠮᠦ᠋ᠷᠡᠨ ᠭᠤᠣᠯ᠂ ᠯᠤᠤᠬ᠎ᠠ ᠶᠢᠨ ᠭᠤᠣᠯ ᠳᠤ ᠬᠤᠷᠠᠨ ᠴᠤᠭᠯᠠᠷᠠᠵᠤ᠂ ᠨᠡᠭᠦᠳᠡᠯᠯᠡᠬᠦ ᠤᠯᠠᠷᠢᠯ ᠢᠶᠠᠨ | ᠡᠬᠢᠯᠡᠭᠦᠯᠦᠭᠰᠡᠨ ᠪᠠᠶᠢᠨ᠎ᠠ᠃ | ᠮᠠᠨ ᠤ ᠬᠤᠰᠢᠭᠤᠨ ᠤ ᠬᠢᠯᠢ ᠳᠣᠲᠣᠷᠠᠬᠢ ᠵᠠᠷᠢᠮ ᠭᠤᠤᠯ ᠮᠥᠷᠡᠨ ᠨᠠᠭᠤᠷ ᠴᠥᠭᠦᠷᠥᠮ ᠤᠨ ᠨᠤᠭᠤ | ᠭᠠᠵᠠᠷ ᠲᠤ᠂ ᠬᠤᠨ ᠭᠠᠯᠠᠭᠤ᠂ ᠤᠯᠠᠭᠠᠨ ᠬᠠᠯᠲᠠᠷ ᠨᠤᠭᠤᠰᠤ᠂ ᠨᠣᠭᠤᠭᠠᠨ ᠲᠣᠯᠣᠭᠠᠶᠢᠲᠤ ᠨᠤᠭᠤᠰᠤ᠂ ᠤᠯᠠᠭᠠᠨ | ᠬᠤᠰᠢᠭᠤᠲᠤ ᠨᠤᠭᠤᠰᠤ᠂ ᠴᠠᠬᠤᠯᠠᠢ ᠵᠡᠷᠭᠡ ᠣᠯᠠᠨ ᠰᠢᠪᠠᠭᠤᠳ ᠴᠤᠭᠯᠠᠷᠠᠵᠤ᠂ ᠬᠠᠶᠠ ᠳᠠᠭᠠᠨ ᠤᠰᠤᠨ ᠳᠤ | ᠱᠤᠩᠪᠠᠨ ᠢᠳᠡᠰᠢ ᠡᠷᠢᠵᠦ᠂ ᠬᠠᠶᠠ ᠳᠠᠭᠠᠨ ᠤᠭᠲᠠᠷᠭᠤᠢ ᠳᠤ ᠳᠡᠪᠳᠡᠷᠢᠨ ᠡᠷᠭᠢᠯᠳᠦᠵᠦ᠂ ᠣᠩᠨᠢᠭᠤᠳ ᠨᠤᠲᠤᠭ ᠤᠨ | ᠤᠷᠢᠬᠠᠨ ᠬᠠᠪᠤᠷ ᠲᠤ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ | ᠰᠠᠶᠢᠵᠢᠷᠠᠬᠤ ᠶᠢ ᠳᠠᠭᠠᠯᠳᠤᠨ᠂ ᠨᠡᠭᠦᠳᠡᠯ ᠤᠨ ᠰᠢᠪᠠᠭᠤᠳ ᠤᠨ ᠲᠤᠭ᠎ᠠ ᠴᠦ ᠵᠢᠯ ᠳᠠᠷᠠᠭᠠᠯᠠᠨ ᠨᠡᠮᠡᠭᠳᠡᠵᠦ᠂ | ᠰᠢᠷᠠᠮᠥ᠋ᠷᠡᠨ ᠭᠤᠤᠯ᠂ ᠯᠤᠤᠬ᠎ᠠ ᠶᠢᠨ ᠭᠤᠤᠯ ᠵᠡᠷᠭᠡ ᠭᠠᠵᠠᠷ ᠣᠷᠣᠨ ᠨᠢ ᠪᠠᠰᠠ ᠮᠠᠰᠢ ᠣᠯᠠᠨ ᠨᠡᠭᠦᠳᠡᠯ ᠤᠨ | ᠰᠢᠪᠠᠭᠤᠳ ᠤᠨ ᠨᠡᠭᠦᠨ ᠪᠠᠭᠤᠳᠠᠯᠯᠠᠬᠤ ᠪᠤᠯᠤᠨ ᠣᠷᠣᠰᠢᠨ ᠠᠮᠢᠳᠤᠷᠠᠬᠤ ᠶᠢᠨ ᠬᠢᠨᠢ ᠳ᠋ᠧᠪᠠᠵᠠᠨ ᠤ ᠤᠷᠤᠨ ᠪᠤᠯᠤᠭᠰᠠᠨ | ᠪᠠᠶᠢᠨ᠎ᠠ᠃ ᠮᠦᠨ ᠴᠦ ᠵᠢᠯ ᠪᠦᠷᠢ ᠶᠢᠨ ᠡᠨᠡ ᠦᠶ᠎ᠡ ᠪᠤᠯᠤᠭᠰᠠᠭᠠᠷ ᠰᠢᠪᠠᠭᠤ ᠰᠣᠨᠢᠷᠬᠠᠭᠴᠢᠳ ᠪᠠ ᠭᠡᠷᠡᠯ ᠵᠢᠷᠤᠭ | ᠲᠠᠳᠠᠭᠴᠢᠳ ᠴᠦ ᠬᠦᠷᠦᠯᠴᠡᠨ ᠢᠷᠡᠵᠦ᠂ ᠡᠬᠡ ᠪᠠᠶᠢᠭᠠᠯᠢ ᠶᠢᠨ ᠡᠨᠡᠬᠦ ᠭᠤᠶᠢᠳᠠ ᠰᠠᠶᠢᠬᠠᠨ ᠦᠵᠡᠮᠵᠢ ᠶᠢ | ᠰᠤᠨᠢᠷᠬᠠᠬᠤ ᠶᠢᠨ ᠳᠠᠭᠠᠤ ᠰᠡᠭᠦᠳᠡᠷᠯᠡᠨ ᠦᠯᠡᠳᠡᠭᠡᠵᠦ᠂ ᠬᠦᠮᠦᠨ ᠪᠠ ᠪᠠᠶᠢᠭᠠᠯᠢ ᠡᠶ᠎ᠡ ᠵᠤᠬᠢᠴᠠᠩᠭᠤᠢ ᠤᠷᠤᠰᠢᠬᠤ ᠶᠢ | ᠤᠷᠢᠶᠠᠯᠠᠳᠠᠭ ᠪᠠᠶᠢᠨ᠎ᠠ᠃ | |