| | ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ | ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ ︽ᠤᠯᠠᠭᠠᠨᠬᠠᠳᠠ ᠬᠤᠲᠠ ᠶᠢᠨ | ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ︾ | ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ 2025 ᠣᠨ ᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠪᠠ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠥᠷᠨᠢᠭᠦᠯᠬᠦ ᠪᠠᠷ ᠲᠣᠭᠲᠠᠵᠤ᠂ ᠡᠯ᠎ᠡ ᠵᠦᠢᠯ ᠤᠨ ᠠᠵᠢᠯ ᠤᠨ | ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ | ᠮᠡᠲᠦ ᠵᠠᠷᠯᠠᠶ᠎ᠠ᠄ | ᠨᠢᠭᠡ᠂ ᠬᠡᠪᠴᠢᠶ᠎ᠡ ᠬᠢᠭᠡᠳ ᠴᠠᠭ | ︵ᠨᠢᠭᠡ︶ ᠰᠡᠯᠭᠦᠨ ᠮᠠᠯᠵᠢᠬᠤ ᠴᠠᠭ ᠬᠤᠭᠤᠴᠠᠭ᠎ᠠ | ᠤᠯᠠᠷᠢᠯ ᠤᠨ ᠴᠢᠨᠠᠷᠲᠠᠶ ᠰᠡᠯᠭᠦᠨ ᠮᠠᠯᠵᠢᠬᠤ ᠴᠠᠭ ᠬᠤᠭᠤᠴᠠᠭ᠎ᠠ ᠨᠢ 4 ᠰᠠᠷ᠎ᠠ ᠶᠢᠨ 1 ᠤ ᠡᠳᠦᠷ ᠠᠴᠠ 7 | ᠰᠠᠷ᠎ᠠ ᠶᠢᠨ 1 ᠤ ᠡᠳᠦᠷ ᠪᠣᠯᠲᠠᠯ᠎ᠠ᠃ | ︵ᠬᠤᠶᠠᠷ︶ ᠪᠦᠬᠦ ᠵᠢᠯ ᠤᠨ ᠬᠢᠵᠠᠭᠠᠷᠯᠠᠭᠰᠠᠨ ᠮᠠᠯᠵᠢᠬᠤ ᠣᠷᠣᠨ | ᠴᠢᠶᠤᠤᠲᠸᠤ ᠪᠠᠯᠭᠠᠰᠤ᠂ ᠦᠳᠡ ᠶᠢᠨ ᠬᠤᠸᠠ ᠪᠠᠯᠭᠠᠰᠦ᠂ ᠭᠤᠳᠠᠭᠠᠷ ᠭᠦᠩ ᠪᠠᠯᠭᠠᠰᠣ᠂ ᠡᠦ ᠹᠧᠨ ᠳ᠋ᠢ | ᠪᠠᠯᠭᠠᠰᠣ᠂ ᠶᠡᠭᠡ ᠬᠦᠩ ᠪᠠᠯᠭᠠᠰᠣ᠂ ᠵᠢᠶᠧ ᠹᠠᠩ ᠶᠢᠩ ᠰᠢᠶᠠᠩ᠂ ᠮᠠᠭᠤ ᠱᠠᠩᠲᠡ ᠰᠢᠶᠠᠩ᠂ ᠪᠠᠶᠠᠨᠲᠣᠬᠤᠶ ᠰᠣᠮᠣ᠂ | ᠴᠢᠣᠸᠠᠨ ᠨᠢᠩ ᠵᠡᠭᠡᠯᠢ ᠭᠤᠳᠤᠮᠵᠢ᠂ ᠽᠢ ᠴᠧᠩ ᠵᠡᠭᠡᠯᠢ ᠭᠤᠳᠤᠮᠵᠢ᠂ ᠳ᠋ᠠᠰᠢᠩ ᠲᠠᠷᠢᠶᠠᠯᠠᠩ ᠤᠨ ᠲᠠᠯᠠᠪᠠᠢ᠂ | ᠰᠢᠨᠡᠰᠦ᠋ᠮ᠎ᠡ ᠰᠤᠮᠤᠨ ᠤ ᠬᠤᠸᠠᠳᠦ᠋ᠰᠢ ᠲᠠᠷᠢᠶᠠᠯᠠᠩ ᠤᠨ ᠲᠠᠯᠠᠪᠠᠢ ᠵᠡᠷᠭᠡ ᠭᠠᠵᠠᠷ ᠤᠨ ᠪᠥᠬᠦ ᠣᠷᠣᠨ ᠪᠣᠯᠣᠨ | ᠪᠣᠷᠣᠬᠤᠳᠠ ᠪᠠᠯᠭᠠᠰᠣᠨ ᠤ ᠱᠠᠨ ᠽᠦᠢ ᠽᠢ ᠲᠣᠰᠬᠤᠨ᠂ ᠴᠢ ᠹᠧᠨ ᠳ᠋ᠢ ᠲᠣᠰᠬᠤᠨ᠂ ᠵᠢᠤ ᠹᠧᠨ ᠳ᠋ᠢ ᠲᠣᠰᠬᠤᠨ᠂ | ᠰᠢᠨ ᠳ᠋ᠢ ᠲᠣᠰᠬᠤᠨ᠂ ᠢᠮᠠᠭᠠᠲᠤ ᠲᠣᠰᠬᠤᠨ᠂ ᠭᠧ ᠳ᠋ᠠ ᠸᠧ ᠫᠦ᠋ ᠲᠣᠰᠬᠤᠨ᠂ ᠰᠢᠩ ᠯᠦᠩ ᠳ᠋ᠢ ᠲᠣᠰᠬᠤᠨ᠂ ᠰᠧ | ᠳ᠋ᠣᠣ ᠵᠠᠩ ᠹᠠᠩ ᠲᠣᠰᠬᠤᠨ᠂ ᠫᠠᠢ ᠯᠧᠦ ᠭᠧᠦ ᠮᠧᠨ ᠲᠣᠰᠬᠤᠨ᠂ ᠡᠦ ᠳ᠋ᠣᠣ ᠸᠧ ᠫᠦ᠋ ᠲᠣᠰᠬᠤᠨ᠂ ᠳ᠋ᠠ ᠰᠢᠨ ᠵᠢᠩ | ᠲᠣᠰᠬᠤᠨ᠂ ᠰᠠᠴᠢᠨᠲᠠᠯ᠎ᠠ ᠭᠠᠴᠠᠭ᠎ᠠ᠂ ᠪᠠᠶᠠᠨᠬᠤᠸᠠ ᠬᠤᠨᠢᠨ ᠤ ᠲᠠᠯᠠᠪᠠᠢ ᠵᠡᠷᠭᠡ ᠭᠠᠵᠠᠷ ᠣᠷᠣᠨ ᠳᠤ ᠪᠦᠬᠦ ᠵᠢᠯ ᠤᠨ | ᠪᠦᠬᠦ ᠬᠡᠪᠴᠢᠶᠡᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠦᠨ᠎ᠡ᠃ | ︵ᠭᠤᠷᠪᠠ︶ ᠤᠯᠠᠷᠢᠯ ᠤᠨ ᠴᠢᠨᠠᠷᠲᠠᠶ ᠰᠡᠯᠭᠦᠨ ᠮᠠᠯᠵᠢᠬᠤ ᠣᠷᠣᠨ | ᠬᠠᠶᠢᠯᠠᠰᠤ ᠪᠠᠯᠭᠠᠰᠤ᠂ ᠠᠰᠢᠬᠠᠨ ᠰᠤᠮᠤ᠂ ᠰᠢᠨᠡᠰᠦ᠋ᠮ᠎ᠡ ᠰᠤᠮᠤ ︵ᠬᠤᠸᠠᠳᠦ᠋ᠰᠢ ᠲᠠᠷᠢᠶᠠᠯᠠᠩ ᠤᠨ | ᠲᠠᠯᠠᠪᠠᠢ ᠠᠴᠠ ᠪᠤᠰᠤᠳ ᠣᠷᠣᠨ︶᠂ ᠬᠡᠷᠰᠡᠩ ᠰᠤᠮᠤ ᠶᠢᠨ ᠪᠦᠬᠦ ᠭᠠᠵᠠᠷ ᠣᠷᠣᠨ ᠪᠣᠯᠤᠨ ᠪᠣᠷᠣᠬᠤᠳᠠ ᠪᠠᠯᠭᠠᠰᠤᠨ ᠤ | ᠬᠥᠪ ᠤᠨ ᠠᠶᠢᠯ ᠭᠠᠴᠠᠭ᠎ᠠ᠂ ᠪᠦᠷᠢᠳᠤᠨ ᠭᠠᠴᠠᠭ᠎ᠠ᠂ ᠬᠤᠸᠠ ᠶᠢᠨ ᠠᠶᠢᠯ ᠭᠠᠴᠠᠭ᠎ᠠ᠂ ᠪᠠᠶᠠᠨᠬᠠᠨ ᠭᠠᠴᠠᠭ᠎ᠠ᠂ | ᠪᠠᠭᠠᠳᠠᠯ᠎ᠠ ᠭᠠᠴᠠᠭ᠎ᠠ᠂ ᠬᠠᠷᠬᠤᠪᠤᠭᠠ ᠭᠠᠴᠠᠭ᠎ᠠ᠂ ᠪᠠᠶᠠᠨᠬᠤᠵᠢᠷ ᠭᠠᠴᠠᠭ᠎ᠠ᠂ ᠴᠡᠭᠡᠨ ᠭᠠᠴᠠᠭ᠎ᠠ᠂ ᠬᠠᠳᠠᠳᠦ ᠭᠠᠴᠠᠭ᠎ᠠ᠂ | ᠰᠢᠪᠠᠷᠳᠠᠢ ᠭᠠᠴᠠᠭ᠎ᠠ᠂ ᠷᠠᠰᠢᠶᠠᠨ ᠭᠠᠴᠠᠭ᠎ᠠ᠂ ᠪᠦᠯᠢᠶᠡᠨ ᠭᠠᠴᠠᠭ᠎ᠠ᠂ ᠬᠤᠷᠬ᠎ᠠ ᠭᠠᠴᠠᠭ᠎ᠠ᠂ ᠪᠦᠳᠦᠭᠦᠨᠬᠤᠸᠠ | ᠭᠠᠴᠠᠭ᠎ᠠ᠂ ᠬᠦᠬᠡᠰᠡᠭᠦᠯ ᠭᠠᠴᠠᠭ᠎ᠠ ᠵᠡᠷᠭᠡ ᠭᠠᠵᠠᠷ ᠤᠷᠤᠨ ᠳᠤ ᠤᠯᠠᠷᠢᠯ ᠤᠨ ᠴᠢᠨᠠᠷᠳᠠᠢ ᠪᠡᠯᠴᠢᠬᠡᠷ ᠰᠡᠷᠬᠦᠬᠡᠬᠦ | ᠲᠦᠷᠢᠮ ᠢ ᠬᠡᠷᠡᠭᠵᠢᠬᠦᠯᠵᠦ᠂ ᠮᠠᠯ ᠪᠡᠯᠴᠢᠭᠡᠷ ᠤᠨ ᠲᠡᠩᠴᠡᠪᠤᠷᠢ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃ | ᠬᠤᠶᠠᠷ᠂ ᠨᠥᠬᠦᠪᠥᠷᠢ ᠥᠭᠬᠦ ᠠᠷᠭ᠎ᠠ | ︵ᠨᠢᠭᠡ︶ ᠨᠥᠬᠦᠪᠥᠷᠢ ᠥᠭᠬᠦ ᠪᠠᠷᠢᠮᠵᠢᠶ᠎ᠠ | 2025 ᠣᠨ ᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠤᠨ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠶᠢᠨ ᠲᠤᠰᠠᠳᠠ᠂ | ︽ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 - 2025︶︾ ᠤᠨ ᠬᠠᠮᠢᠶ᠎ᠠ | ᠪᠥᠬᠦᠶ ᠲᠣᠭᠲᠠᠭᠠᠯ ᠢ ᠦᠨᠳᠤᠰᠤᠯᠡᠵᠤ᠂ ᠬᠠᠳᠤᠯᠠᠩ ᠪᠡᠯᠴᠢᠭᠡᠷ ᠤᠨ ᠲᠠᠯᠠᠪᠠᠶ ᠪᠠᠷ ᠨᠥᠬᠦᠪᠥᠷᠢ ᠥᠭᠴᠦ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ ᠳᠤ 9.67 ᠲᠥᠭᠦᠷᠢᠭ ᠪᠠᠢᠵᠤ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ ᠳᠤ 3.49 ᠲᠥᠭᠦᠷᠢᠭ | ᠪᠣᠯᠤᠨ᠎ᠠ᠃ | ︵ᠬᠤᠶᠠᠷ︶ ᠨᠥᠬᠦᠪᠥᠷᠢ ᠣᠯᠭᠤᠬᠤ ᠶᠠᠪᠤᠴᠠ | ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠳᠤ ᠭᠤᠶᠤᠴᠢᠯᠠᠨ | ᠮᠡᠳᠡᠭᠦᠯᠵᠦ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠬᠢᠨᠠᠨ | ᠬᠠᠷᠭᠤᠭᠤᠯᠵᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 10 ᠡᠳᠦᠷ ᠪᠣᠯᠤᠨ᠎ᠠ᠂ ᠵᠠᠷᠯᠠᠨ | ᠨᠡᠶᠢᠲᠡᠯᠡᠬᠦ ᠳᠤ ᠣᠨᠳᠣᠤ ᠰᠠᠨᠠᠯ ᠥᠬᠡᠶ ᠪᠣᠯ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠳᠤ ᠮᠡᠳᠡᠭᠦᠯᠵᠦ᠂ ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ | ᠬᠠᠷᠭᠤᠭᠤᠯᠤᠭᠠᠳ ᠪᠠᠲᠤᠯᠠᠭᠰᠠᠨ ᠤ ᠳᠠᠷᠠᠭ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ᠂ | ᠨᠥᠬᠦᠪᠥᠷᠢ ᠶᠢᠨ ᠪᠠᠯᠠ ᠮᠥᠩᠭᠦ ᠶᠢ ︽ᠪᠦᠷᠢᠨ ᠴᠢᠳᠠᠮᠵᠢᠲᠤ ᠺᠠᠷᠲ ︵一卡通︶︾ ᠢᠶᠠᠷ ᠳᠠᠮᠵᠢᠭᠤᠯᠤᠨ | ᠣᠯᠭᠤᠨ᠎ᠠ᠃ | ︵ᠭᠤᠷᠪᠠ︶ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ | ︽ᠤᠯᠠᠭᠠᠨᠬᠠᠳᠠ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ | ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ ᠠᠷᠭ᠎ᠠ︶ ︾ ᠶᠢᠨ ᠶᠣᠰᠣᠭᠠᠷ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠮᠠᠯ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ | ᠨᠤᠷᠮ᠎ᠠ 10% ᠠᠴᠠ ᠬᠡᠲᠦᠷᠡᠭᠰᠡᠨ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ 2 ᠤᠳᠠᠭ᠎ᠠ ᠠᠴᠠ | ᠳᠡᠭᠡᠭᠰᠢ ᠪᠡᠯᠴᠢᠭᠡᠷᠯᠡᠭᠦᠯᠪᠡᠯ᠂ ᠲᠤᠬᠠᠢ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ | ᠮᠥᠩᠭᠦ ᠶᠢ ᠪᠦᠬᠦ ᠲᠤᠭ᠎ᠠ ᠪᠠᠷ ᠰᠠᠭᠤᠯᠭᠠᠨ ᠠᠪᠤᠨ᠎ᠠ᠃ | ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ | 1. ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ ᠰᠡᠯᠭᠦᠨ | ᠮᠠᠯᠵᠢᠬᠤ ᠬᠤᠭᠤᠴᠠᠭᠠᠨ ᠳᠠᠬᠢ ᠤᠯᠠᠷᠢᠯ ᠤᠨ ᠴᠢᠨᠠᠷᠲᠠᠶ ᠰᠡᠯᠭᠦᠨ ᠮᠠᠯᠵᠢᠬᠤ ᠣᠷᠣᠨ ᠳᠤ ᠮᠠᠯ ᠬᠠᠷᠢᠭᠤᠯᠬᠤ ᠶᠢ | ᠴᠢᠩᠭ᠎ᠠ ᠴᠠᠭᠠᠵᠠᠯᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠶᠢ ᠴᠢᠩᠭ᠎ᠠ ᠴᠠᠭᠠᠵᠠᠯᠠᠨ᠎ᠠ᠃ | 2. ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠨᠢ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠡᠪᠰᠢᠭᠰᠡᠨ ᠲᠣᠭᠤᠷᠢᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠶᠢ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔ ᠥᠷᠭᠡᠨ ᠣᠯᠠᠨ ᠺᠠᠳ᠋ᠷ ᠣᠯᠠᠨ ᠲᠦᠮᠡᠨ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠬᠠᠮᠢᠶ᠎ᠠ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠃ | 3. ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠬᠢ ᠨᠢ ᠡᠯ᠎ᠡ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠳᠤ ᠬᠢᠨᠠᠯᠲᠠ ᠲᠠᠯᠪᠢᠵᠤ | ᠵᠢᠯᠣᠭᠤᠳᠬᠤ ᠶᠢ ᠬᠠᠷᠢᠭᠤᠴᠠᠨ᠎ᠠ᠃ | 4. ᠡᠯ᠎ᠡ ᠱᠠᠲᠤᠨ ᠤ ᠣᠢ ᠰᠢᠭᠤᠢ ᠶᠢᠨ ᠳᠠᠷᠤᠭ᠎ᠠ ᠪᠠ ᠣᠢ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠭᠴᠢ | ᠬᠢᠨᠠᠨ ᠬᠠᠮᠢᠶᠠᠷᠴᠤ ᠲᠣᠭᠤᠷᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠠᠤᠯᠢ ᠶᠢ ᠵᠥᠷᠢᠴᠡᠨ ᠮᠠᠯ | ᠮᠠᠯᠵᠢᠭᠰᠠᠨ ᠪᠠᠶᠢᠳᠠᠯ ᠢ ᠴᠠᠭ ᠲᠤᠬᠠᠢ ᠳᠤ ᠨᠢ ᠢᠯᠡᠷᠡᠭᠦᠯᠬᠦ ᠬᠡᠷᠡᠭᠲᠡᠢ᠃ | 5. ᠢᠯᠡᠴᠢᠯᠡᠨ ᠮᠡᠳᠡᠭᠦᠯᠬᠦ ᠤᠲᠠᠰᠤ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ | ᠲᠠᠯᠪᠢᠬᠤ ᠶᠢ ᠬᠦᠯᠢᠶᠡᠨ᠎ᠠ᠃ 0476-6323506 | ᠡᠭᠦᠨ ᠤ ᠲᠥᠯᠥᠭᠡ ᠣᠨᠴᠠᠭᠠᠶᠢᠯᠠᠨ ᠵᠠᠷᠯᠠᠪᠠ | ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ | | | 2025 ᠣᠨ ᠤ 3 ᠰᠠᠷ᠎ᠠ ᠶᠢᠨ 12 ᠤᠨ ᠡᠳᠦᠷ |