ᠬᠤᠰᠢᠭᠤᠨ ᠵᠠᠰᠠᠭ ᠤᠨ ᠣᠷᠳᠣᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/17
     3 ᠰᠠᠷ᠎ᠠ ᠶᠢᠨ 14 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠬᠤᠰᠢᠭᠤᠨ ᠵᠠᠰᠠᠭ ᠤᠨ ᠣᠷᠳᠣᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ᠂ ᠡᠯ᠎ᠡ ᠬᠤᠰᠢᠭᠤᠨ ᠳᠡᠳ᠋ ᠳᠠᠷᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠭᠦᠨᠵᠡᠭᠡᠶ ᠲᠤᠭᠤᠰᠢᠯᠠᠭᠤᠯᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ᠂ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠰᠠᠶᠢᠲᠤᠷ ᠠᠳᠬᠤᠵᠤ᠂ ᠬᠦᠮᠦᠨ ᠬᠦᠮᠦᠨ ᠤ ᠬᠤᠭᠤᠷᠤᠨᠳᠤᠬᠢ ᠠᠷᠢᠭᠤᠨ ᠴᠢᠭᠡᠴᠢ ᠬᠠᠷᠢᠴᠠᠭ᠎ᠠ ᠪᠤᠯᠤᠨ ᠵᠦᠪ ᠲᠦᠪ ᠦᠵᠡᠯᠲᠡ ᠶᠢ ᠪᠤᠢ ᠪᠤᠯᠭᠠᠨ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠪᠠ ᠨᠡᠶᠢᠭᠡᠮ ᠤᠨ ᠬᠡᠪ ᠰᠤᠷᠲᠠᠯ ᠤᠨ ᠳᠠᠭᠠᠭᠤᠯᠤᠭᠴᠢ ᠪᠤᠯᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠡᠷᠡᠭᠦᠯ ᠢᠶᠠᠷ ᠬᠦᠭᠵᠢᠬᠦ ᠶᠢ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠬᠦ ᠬᠡᠷᠡᠭᠲᠡᠢ ᠭᠡᠵᠡᠢ᠃      ᠬᠤᠷᠠᠯ ᠠᠴᠠ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠪᠤᠯᠤᠨ ᠠᠵᠤ ᠠᠬᠤᠶᠢᠯᠠᠯ ᠤᠨ ᠡᠵᠡᠩᠨᠡᠯᠲᠡ ᠳᠤ ᠨᠥᠬᠦᠴᠡᠯ ᠪᠦᠷᠢᠯᠳᠦᠭᠦᠯᠦᠨ ᠥᠭᠴᠦ᠂ ᠴᠢᠨᠠᠷ ᠰᠠᠶᠢᠲᠠᠢ᠂ ᠲᠥᠪ ᠭᠤᠣᠯᠴᠢ᠂ ᠥᠨᠳᠥᠷ ᠪᠦᠲᠦᠮᠵᠢᠲᠡᠢ᠂ ᠦᠨᠡᠨᠴᠢ ᠢᠲᠡᠭᠡᠮᠵᠢᠲᠡᠢ᠂ ᠬᠠᠤᠯᠢᠵᠢᠭᠰᠠᠨ ᠡᠵᠡᠩᠨᠡᠯᠲᠡ ᠶᠢᠨ ᠣᠷᠴᠢᠨ ᠲᠤᠭᠤᠷᠢᠨ ᠢ ᠪᠤᠢ ᠪᠤᠯᠭᠠᠵᠤ ᠦᠭᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠾᠧᠦ ᠭᠦᠸᠧ ᠵᠢᠩ ᠠᠴᠠ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ᠂ ᠴᠢᠬᠡᠴᠢ ᠵᠠᠰᠠᠭ ᠤᠨ ᠠᠵᠢᠯ ᠤᠨ ᠲᠣᠭᠤᠷᠢᠨ ᠳᠤ ᠱᠠᠭᠠᠷᠳᠠᠯᠭ᠎ᠠ ᠳᠤᠷᠠᠳᠴᠤ︔ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠳᠡᠳ᠋ ᠳᠠᠷᠤᠭ᠎ᠠ ᠨᠠᠷ ᠠᠴᠠ 2025 ᠣᠨ ᠤ ᠭᠤᠤᠯᠳᠠᠯᠭ᠎ᠠ ᠲᠠᠢ ᠡᠭᠦᠷᠭᠡ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠵᠡᠢ᠃      ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠴᠠᠭᠠᠨᠪᠠᠭᠠᠲᠤᠷ᠂ ᠯᠢ ᠬᠤᠢ᠂ ᠸᠠᠩ ᠶᠦᠩ ᠯᠢ᠂ ᠳᠤᠪᠳᠤᠨᠰᠡᠩᠭᠡ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号