ᠪᠥᠬᠦ ᠬᠤᠰᠢᠭᠤᠨ ᠤ 2025 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/17
     3 ᠰᠠᠷ᠎ᠠ ᠶᠢᠨ 10 ᠤ ᠡᠳᠦᠷ᠂ 2025 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠮᠠ ᠶᠦᠩ ᠭᠠᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠶᠠ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠬᠢᠨᠠᠨ ᠬᠠᠷᠭᠤᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ 2025 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠵᠠᠷᠴᠢᠮ ᠢ ᠬᠢᠨᠠᠨ ᠵᠦᠪᠰᠢᠶᠡᠷᠡᠭᠰᠡᠨ ᠤ ᠬᠠᠮᠲᠤ ᠡᠴᠦᠰ ᠤᠨ ᠬᠢᠨᠠᠯᠲᠠ ᠪᠠᠷ ᠳᠡᠮᠵᠢᠨ 42 ᠨᠡᠷ᠎ᠡ ᠵᠠᠯᠠᠭᠤᠴᠤᠳ ᠴᠡᠷᠢᠭ ᠲᠤ ᠣᠷᠣᠬᠤ ᠨᠥᠬᠦᠴᠡᠯ ᠳᠤ ᠨᠡᠶᠢᠴᠡᠭᠰᠡᠨ ᠢ ᠲᠤᠭᠲᠠᠭᠠᠭᠰᠠᠨ ᠪᠠᠶᠢᠨ᠎ᠠ᠃      ᠬᠤᠷᠠᠯ ᠠᠴᠠ᠂ ᠴᠡᠷᠢᠭ ᠡᠯᠰᠡᠬᠦ ᠠᠵᠢᠯ ᠢ ᠰᠠᠶᠢᠲᠤᠷ ᠬᠢᠬᠦ᠂ ᠬᠢᠷᠢ ᠲᠡᠩᠴᠡᠭᠰᠡᠨ ᠴᠡᠷᠢᠭ ᠢ ᠰᠣᠩᠭᠤᠨ ᠬᠦᠷᠭᠡᠬᠦ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠢᠨᠵᠧᠨᠧᠷᠢᠩ ᠪᠣᠯᠤᠨ᠎ᠠ᠃ ᠴᠡᠷᠢᠭ ᠡᠯᠰᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠴᠡᠷᠢᠭ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ᠂ ᠰᠢᠨ᠎ᠡ ᠴᠡᠷᠢᠭ ᠲᠤ ᠡᠯᠰᠡᠭᠳᠡᠭᠰᠡᠨ ᠵᠠᠯᠠᠭᠤᠴᠤᠳ ᠤᠨ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤᠴᠢ ᠴᠢᠨᠠᠷ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠳᠤ ᠬᠤᠪᠢ ᠨᠡᠮᠡᠷᠢ ᠦᠵᠡᠭᠦᠯᠬᠦ ᠢᠳᠡᠪᠬᠢᠵᠢᠯ ᠢ ᠨᠢ ᠦᠨᠡᠨ ᠬᠦ ᠴᠢᠩᠭᠠᠳᠬᠠᠨ᠂ ᠠᠰᠠᠷᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠬᠦ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号