| | 3 ᠰᠠᠷ᠎ᠠ ᠶᠢᠨ 10 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠮᠠ ᠶᠦᠩ ᠭᠠᠩ ᠬᠠᠪᠤᠷ ᠤᠨ ᠤᠯᠠᠷᠢᠯ ᠤᠨ ᠡᠯᠡᠰᠦ ᠮᠠᠩᠬᠠᠨ ᠳᠤ ᠮᠠᠰᠢᠨ ᠲᠡᠷᠭᠡ ᠬᠡᠭᠡᠷᠯᠡᠨ ᠳᠠᠪᠬᠢᠭᠤᠯᠬᠤ | ᠤᠷᠤᠯᠳᠤᠭᠠᠨ ᠤ ᠵᠤᠬᠢᠴᠠᠭᠤᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠢᠯ ᠤᠨ ᠠᠬᠢᠴᠠ ᠶᠢᠨ ᠬᠠᠷᠢᠭᠤ | ᠮᠡᠳᠡᠭᠦᠯᠦᠯᠲᠡ ᠶᠢ ᠰᠤᠨᠤᠰᠤᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠠᠭᠠᠨ ᠪᠠᠶᠢᠷᠢᠯᠠᠭᠤᠯᠤᠯᠲᠠ ᠬᠢᠪᠡ | ᠃ ᠬᠤᠰᠢᠭᠤᠨ ᠳᠡᠳ᠋ ᠳᠠᠷᠤᠭ᠎ᠠ ᠳᠤᠪᠳᠤᠨᠰᠡᠩᠭᠡ ᠬᠤᠷᠠᠯ ᠳᠤ ᠣᠷᠣᠯᠴᠠᠪᠠ᠃ | ᠬᠤᠷᠠᠯ ᠠᠴᠠ᠂ ᠬᠠᠪᠤᠷ ᠤᠨ ᠤᠯᠠᠷᠢᠯ ᠤᠨ ᠡᠯᠡᠰᠦ ᠮᠠᠩᠬᠠᠨ ᠳᠤ ᠮᠠᠰᠢᠨ ᠲᠡᠷᠭᠡ ᠳᠠᠪᠬᠢᠭᠤᠯᠬᠤ | ᠤᠷᠤᠯᠳᠤᠭᠠᠨ ᠨᠢ ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠶ ᠲᠥᠯᠥᠪᠵᠢᠭᠦᠯᠦᠭᠰᠡᠨ ᠳᠥᠷᠪᠡᠨ ᠤᠯᠠᠷᠢᠯ ᠤᠨ | ᠭᠤᠤᠯ ᠰᠡᠳᠦᠪᠲᠦ ᠰᠣᠶᠣᠯ ᠵᠢᠭᠤᠯᠴᠢᠯᠠᠯ᠂ ᠪᠡᠶ᠎ᠡ ᠲᠠᠮᠢᠷ ᠤᠨ ᠰᠢᠷᠢᠰ ᠠᠵᠢᠯᠯᠠᠭ᠎ᠠ ᠶᠢᠨ ᠨᠢᠭᠡᠳᠦᠭᠡᠷ ᠴᠢᠬᠤᠯᠠ ᠶᠡᠭᠡ | ᠠᠭᠤᠯᠭ᠎ᠠ ᠪᠠᠶᠢᠵᠤ᠂ ᠮᠥᠨ ᠴᠦ ᠪᠥᠬᠦ ᠬᠤᠲᠠ ᠶᠢᠨ ︽ᠰᠣᠶᠣᠯ ᠵᠢᠭᠤᠯᠴᠢᠯᠠᠯ᠂ ᠪᠡᠶ᠎ᠡ ᠲᠠᠮᠢᠷ᠂ ᠮᠠᠯ ᠲᠠᠷᠢᠶᠠᠯᠠᠩ᠂ | ᠠᠷᠠᠯᠵᠢᠶ᠎ᠠ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠴᠢᠬᠤᠯᠠ | ᠠᠷᠭ᠎ᠠ ᠬᠡᠮᠵᠢᠶ᠎ᠡ ᠮᠥᠨ᠂ ᠲᠣᠰ ᠲᠥᠷᠥᠯ ᠤᠨ ᠤᠷᠤᠯᠳᠤᠭᠠᠨ ᠢ ᠰᠠᠶᠢᠲᠤᠷ ᠡᠷᠭᠢᠯᠡᠬᠦ ᠨᠢ ᠰᠣᠶᠣᠯ ᠵᠢᠭᠤᠯᠴᠢᠯᠠᠯ ᠤᠨ | ᠨᠡᠷ᠎ᠡ ᠠᠯᠳᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠪᠠᠶᠢᠵᠤ᠂ ᠡᠯ᠎ᠡ ᠰᠠᠯᠠᠭ᠎ᠠ ᠮᠥᠴᠢᠷ ᠤᠳ ᠵᠠᠪᠠᠯ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠨᠡᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠴᠢᠨᠠᠷ | ᠰᠠᠶᠢᠲᠠᠢ ᠠᠬᠢᠭᠤᠯᠤᠨ᠂ ᠠᠮᠤᠷ ᠲᠦᠪᠰᠢᠨ ᠤ ᠪᠠᠲᠤᠯᠠᠭ᠎ᠠ ᠶᠢ ᠦᠨᠡᠨ ᠬᠦ ᠪᠡᠶᠡᠯᠡᠭᠦᠯᠵᠦ᠂ ᠤᠷᠤᠯᠳᠤᠭᠠᠨ ᠤ ᠥᠨᠳᠥᠷ | ᠪᠦᠲᠦᠮᠵᠢᠲᠡᠢ᠂ ᠢᠯᠭᠤᠮ ᠤᠷᠤᠭᠰᠢᠲᠠᠢ ᠶᠠᠪᠤᠭᠳᠠᠬᠤ ᠶᠢ ᠵᠠᠪᠠᠯ ᠪᠠᠲᠤᠯᠠᠬᠤ ᠬᠡᠷᠡᠭᠲᠡᠢ ᠭᠡᠵᠡᠢ᠃ | |