| | ᠣᠶᠢᠷ᠎ᠠ ᠳᠤ᠂ ᠮᠤᠵᠢ ᠶᠢᠨ ᠵᠠᠮ 210 ᠱᠤᠭᠤᠮ ᠤᠨ ᠪᠠᠯᠴᠢᠷᠤᠳ ᠠᠴᠠ ᠭᠤᠷᠤᠬᠠᠨ ᠬᠦᠷᠬᠦ ᠵᠠᠰᠠᠮᠠᠯ ᠵᠠᠮ ᠤᠨ | ᠢᠨᠵᠧᠨᠧᠷᠢᠩ ᠠᠵᠢᠯ ᠢᠶᠠᠨ ᠪᠥᠬᠦ ᠲᠠᠯ᠎ᠠ ᠪᠠᠷ ᠡᠬᠢᠯᠡᠭᠦᠯᠵᠦ᠂ ᠡᠨᠡ ᠵᠢᠯ ᠤᠨ ᠤᠯᠤᠰ ᠤᠨ ᠪᠠᠶᠠᠷ ᠠᠴᠠ ᠡᠮᠦᠨ᠎ᠡ ᠲᠡᠷᠭᠡ | ᠨᠡᠪᠲᠡᠷᠡᠭᠦᠯᠬᠦ ᠪᠠᠷ ᠲᠦᠯᠦᠪᠯᠡᠵᠦ ᠪᠠᠶᠢᠨ᠎ᠠ᠃ | ᠤᠯᠠᠭᠠᠨᠬᠠᠳᠠ ᠬᠤᠲᠠ ᠶᠢᠨ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ | ᠪᠤᠯᠤᠭᠰᠠᠨ ᠮᠤᠵᠢ ᠶᠢᠨ ᠵᠠᠮ 210 ᠱᠤᠭᠤᠮ ᠤᠨ ᠪᠠᠯᠴᠢᠷᠤᠳ ᠠᠴᠠ ᠭᠤᠷᠣᠬᠠᠨ ᠬᠥᠷᠬᠦ ᠬᠡᠰᠡᠭ ᠤᠨ ᠵᠠᠰᠠᠮᠠᠯ ᠵᠠᠮ ᠤᠨ | ᠪᠥᠬᠦ ᠣᠷᠳᠣ ᠨᠢ 74 ᠺᠢᠯᠤᠮᠧᠲᠷ᠂ ᠡᠭᠦᠨ ᠳᠤ ᠣᠩᠨᠢᠭᠤᠳ ᠬᠤᠰᠢᠭᠤᠨ ᠤ ᠬᠡᠰᠡᠭ ᠲᠠᠬᠢ ᠪᠥᠬᠦ ᠣᠷᠳᠣ ᠨᠢ 60.65 | ᠺᠢᠯᠤᠮᠧᠲᠷ ᠪᠠᠶᠢᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 4.51 ᠳ᠋ᠦᠩᠰᠢᠭᠤᠷ ᠲᠥᠭᠦᠷᠢᠭ ᠲᠤ | ᠬᠦᠷᠴᠦ᠂ ᠬᠤᠸᠠᠳᠦ᠋ᠰᠢ ᠲᠠᠷᠢᠶᠠᠯᠠᠩ ᠤᠨ ᠲᠠᠯᠠᠪᠠᠶ ᠠᠴᠠ ᠡᠬᠢᠯᠡᠨ᠂ ᠪᠠᠶᠠᠨᠲᠠᠯ᠎ᠠ ᠰᠤᠮᠤ᠂ ᠪᠠᠶᠠᠨᠲᠣᠬᠤᠶ ᠰᠤᠮᠤ ᠶᠢ ᠳᠠᠭᠠᠷᠢᠨ | ᠦᠩᠭᠡᠷᠡᠨ᠎ᠡ᠂ ᠲᠤᠰ ᠵᠠᠮ ᠢ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠠᠶᠢᠭᠤᠯᠵᠤ᠂ ᠵᠠᠮ ᠤᠨ | ᠰᠠᠭᠤᠷᠢ ᠶᠢᠨ ᠥᠷᠭᠡᠨ ᠨᠢ 12 ᠮᠧᠲᠷ ᠪᠠᠶᠢᠵᠤ᠂ ᠲᠥᠯᠥᠪᠯᠡᠭᠰᠡᠨ ᠬᠤᠷᠳᠤᠴᠠ ᠨᠢ ᠴᠠᠭ ᠪᠦᠷᠢ 80 ᠺᠢᠯᠤᠮᠧᠲᠷ ᠪᠤᠯᠤᠨ᠎ᠠ | ᠃ ᠣᠳᠣᠬᠠᠨ ᠪᠣᠯᠲᠠᠯ᠎ᠠ᠂ ᠯᠤᠤᠬ᠎ᠠ ᠶᠢᠨ ᠭᠤᠣᠯ ᠢ ᠰᠤᠨᠳᠠᠯᠠᠭᠰᠠᠨ ᠭᠤᠷᠤᠬᠠᠨ ᠶᠡᠭᠡ ᠬᠥᠭᠦᠷᠭᠡ ᠶᠢ ᠨᠢᠭᠡᠨᠲᠡ ᠪᠠᠶᠢᠭᠤᠯᠵᠤ | ᠳᠠᠭᠤᠰᠬᠠᠨ ᠲᠡᠷᠭᠡ ᠨᠡᠪᠲᠡᠷᠡᠭᠦᠯᠵᠦ᠂ ᠰᠢᠷᠠᠮᠥ᠋ᠷᠡᠨ ᠭᠤᠣᠯ ᠢ ᠰᠤᠨᠳᠠᠯᠠᠭᠰᠠᠨ ᠲᠠᠷᠬᠠᠨ ᠶᠡᠭᠡ ᠬᠥᠭᠦᠷᠭᠡ ᠶᠢᠨ ᠭᠤᠣᠯ | ᠴᠣᠭᠴᠠ ᠶᠢᠨ ᠪᠠᠷᠢᠯᠭ᠎ᠠ ᠶᠢ ᠨᠢᠭᠡᠨᠲᠡ ᠪᠠᠶᠢᠭᠤᠯᠵᠤ᠂ ᠲᠦᠷᠦᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ | ᠮᠤᠵᠢ ᠶᠢᠨ ᠵᠠᠮ 210 ᠱᠤᠭᠤᠮ ᠤᠨ ᠤᠯᠠᠭᠠᠨᠬᠠᠳᠠ ᠬᠤᠲᠠ ᠶᠢᠨ ᠬᠡᠪᠴᠢᠶᠡᠨ ᠳᠠᠬᠢ ᠪᠥᠬᠦ ᠱᠤᠭᠤᠮ ᠲᠡᠷᠭᠡ ᠨᠡᠪᠲᠡᠷᠡᠵᠦ᠂ | ᠣᠩᠨᠢᠭᠤᠳ᠂ ᠠᠷᠤ ᠬᠤᠷᠴᠢᠨ᠂ ᠠᠤᠬᠠᠨ ᠵᠡᠷᠭᠡ ᠭᠤᠷᠪᠠᠨ ᠬᠤᠰᠢᠭᠤ ᠶᠢ ᠬᠤᠯᠪᠤᠨ᠂ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | |