ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢ ᠬᠡᠷᠡᠭᠵᠢᠭᠦᠯᠬᠦ ᠲᠤᠬᠠᠶ ᠵᠠᠷᠯᠢᠭ
ᠨᠡᠶᠢᠲᠡᠯᠡᠭᠰᠡᠨ ᠴᠠᠭ᠄
2025/3/24
     ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠠᠯᠪᠠᠨ ᠬᠡᠷ︶᠂  ᠳ᠋ᠠᠰᠢᠩ ᠲᠠᠷᠢᠶᠠᠯᠠᠩ ᠤᠨ ᠲᠠᠯᠠᠪᠠᠶ᠂ ᠡᠯ᠎ᠡ ᠬᠠᠮᠢᠶ᠎ᠠ ᠪᠥᠬᠦᠶ  ᠨᠢᠭᠡᠴᠢ ᠳᠤ᠄      ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠡᠷᠡᠰ ᠬᠤᠷᠢᠭᠯᠠᠵᠤ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠪᠥᠬᠦ ᠬᠤᠰᠢᠭᠤᠨ ᠤ ᠬᠡᠪᠴᠢᠶᠡᠨ ᠳᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢ ᠬᠡᠷᠡᠭᠵᠢᠭᠦᠯᠵᠦ᠂ ᠣᠨᠴᠠᠭᠠᠶᠢᠯᠠᠨ ᠳᠣᠣᠷᠠᠬᠢ ᠵᠠᠷᠯᠢᠭ ᠵᠠᠷᠯᠠᠭᠰᠠᠨ ᠨᠢ᠄      ᠨᠢᠭᠡ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ᠄   2025 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠂ 9 ᠰᠠᠷ᠎ᠠ ᠶᠢᠨ 15 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠃      ᠬᠤᠶᠠᠷ᠂ ᠭᠠᠯ ᠰᠡᠷᠭᠡᠶᠢᠯᠡᠯᠲᠡ ᠶᠢᠨ ᠴᠢᠩᠭ᠎ᠠ ᠵᠠᠬᠢᠷᠤᠨ ᠬᠠᠮᠢᠶᠠᠷᠬᠤ ᠭᠤᠤᠯᠳᠠᠯᠭ᠎ᠠ ᠲᠠᠢ ᠣᠷᠣᠨ᠄ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠤ ᠭᠤᠤᠯᠳᠠᠯᠭ᠎ᠠ ᠲᠠᠢ ᠣᠷᠣᠨ ᠪᠦᠰᠡ᠂ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠣᠷᠣᠨ᠂ ᠠᠮᠢ ᠠᠬᠤᠶ ᠶᠢᠨ ᠵᠠᠰᠠᠯᠲᠠ ᠶᠢᠨ ᠲᠥᠷᠥᠯ ᠵᠦᠢᠯ ᠤᠨ ᠣᠷᠣᠨ᠂ ᠪᠠᠶᠢᠭᠠᠯᠢ ᠶᠢᠨ ᠣᠶ ᠰᠢᠭᠤᠶ ᠪᠣᠯᠤᠨ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ᠂ ᠠᠮᠢ ᠠᠬᠤᠶ ᠶᠢ ᠲᠥᠪᠯᠡᠷᠡᠭᠦᠯᠦᠨ ᠰᠡᠷᠭᠦᠭᠡᠬᠦ ᠣᠷᠣᠨ᠂ ᠪᠠᠶᠢᠭᠠᠯᠢ ᠶᠢᠨ ᠬᠠᠳᠤᠯᠠᠩ ᠪᠡᠯᠴᠢᠭᠡᠷ᠂ ᠲᠠᠷᠢᠮᠠᠯ ᠬᠠᠳᠤᠯᠠᠩ ᠪᠡᠯᠴᠢᠭᠡᠷ ᠵᠢᠴᠢ ᠣᠶᠢᠲᠤ ᠭᠠᠵᠠᠷ᠂ ᠬᠠᠳᠤᠯᠠᠩ ᠪᠡᠯᠴᠢᠭᠡᠷ ᠯᠦᠭᠡ ᠵᠠᠯᠭᠠᠯᠳᠤᠭᠰᠠᠨ ᠲᠠᠷᠢᠶᠠᠨ ᠭᠠᠵᠠᠷ᠂ ᠠᠲᠠᠷ ᠭᠠᠵᠠᠷ ᠵᠢᠴᠢ ᠣᠶ ᠰᠢᠭᠤᠶ ᠡᠪᠡᠰᠦ ᠪᠡᠯᠴᠢᠭᠡᠷ ᠲᠠᠢ ᠬᠤᠯᠪᠣᠭᠳᠠᠬᠤ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠭᠠᠵᠠᠷ︶ ᠵᠡᠷᠭᠡ ᠣᠷᠣᠨ ᠪᠦᠰᠡ᠃      ᠭᠤᠷᠪᠠ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠬᠡᠪᠴᠢᠶᠡᠨ ᠳᠤ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠂ ᠡᠭᠦᠨ ᠳᠤ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ ᠰᠢᠲᠠᠭᠠᠬᠤ᠂ ᠬᠤᠭ ᠨᠣᠪᠰᠢ ᠰᠢᠲᠠᠭᠠᠬᠤ᠂ ᠲᠠᠷᠢᠶᠠᠨ ᠳᠠᠯᠠᠩ ᠲᠠᠢ ᠬᠡᠭᠡᠷ᠎ᠡ ᠶᠢᠨ ᠡᠪᠡᠰᠦ ᠪᠠ ᠡᠰᠢ ᠰᠦᠷᠡᠯ ᠢ ᠰᠢᠲᠠᠭᠠᠬᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠬᠦᠵᠢ ᠠᠰᠠᠭᠠᠬᠤ᠂ ᠰᠢᠷᠠᠮᠠᠯ‌‍ᠤᠨ ᠭᠠᠯ᠂ ᠬᠡᠭᠡᠷ᠎ᠡ ᠬᠤᠭᠤᠯᠠᠯᠠᠬᠤ ᠵᠢᠴᠢ ᠬᠡᠭᠡᠷ᠎ᠡ ᠭᠠᠳᠠᠨ᠎ᠠ ᠬᠤᠸᠠᠷ ᠫᠤᠤᠵᠢᠩ᠂ ᠺᠦᠩ ᠮᠢᠩ ᠳ᠋ᠧᠩ ᠠᠰᠠᠭᠠᠬᠤ ᠵᠡᠷᠭᠡ ᠪᠠᠭᠲᠠᠨ᠎ᠠ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠᠲᠠᠶ ᠪᠠᠶᠢᠪᠠᠯ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠷ ᠵᠥᠪᠰᠢᠶᠡᠷᠡᠭᠦᠯᠬᠦ ᠶᠢᠨ ᠬᠠᠮᠲᠤ ᠨᠠᠶᠢᠳᠠᠪᠤᠷᠢᠲᠠᠶ ᠭᠠᠯ ᠰᠡᠷᠭᠡᠶᠢᠯᠡᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠭᠠᠯ ᠬᠡᠷᠡᠭᠯᠡᠵᠦ ᠪᠣᠯᠤᠨ᠎ᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠡᠭᠡᠷ᠎ᠡ ᠭᠠᠳᠠᠨ᠎ᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠢ ᠵᠥᠷᠢᠴᠡᠨ ᠳᠤᠷ᠎ᠠ ᠪᠠᠷ ᠢᠶᠠᠨ ᠭᠠᠯ ᠰᠡᠷᠭᠡᠶᠢᠯᠡᠬᠦ ᠴᠢᠩᠭ᠎ᠠ ᠬᠠᠮᠢᠶᠠᠷᠤᠯᠲᠠ ᠶᠢᠨ ᠣᠷᠣᠨ ᠳᠤ ᠣᠷᠣᠵᠤ ᠭᠠᠯ ᠬᠡᠷᠡᠭᠯᠡᠭᠰᠡᠨ ᠂ ᠠᠳᠡᠯ ᠠᠴᠠ ᠪᠣᠯᠤᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ᠂ ᠵᠣᠷᠢᠭᠤᠳᠠ ᠭᠠᠯ ᠲᠠᠯᠪᠢᠭᠰᠠᠨ᠂ ᠭᠠᠯ ᠤᠨᠲᠠᠷᠠᠭᠠᠬᠤ ᠵᠢᠯᠣᠭᠤᠳᠣᠯᠭ᠎ᠠ ᠶᠢ ᠳᠠᠭᠠᠭᠰᠠᠨ ᠥᠬᠡᠶ᠂ ᠭᠠᠯ ᠤᠨᠲᠠᠷᠠᠭᠠᠵᠤ ᠭᠠᠮᠰᠢᠭ ᠠᠴᠠ ᠠᠪᠤᠷᠠᠬᠤ ᠶᠢ ᠨᠥᠯᠥᠭᠡᠯᠡᠭᠰᠡᠨ ᠵᠡᠷᠭᠡ ᠦᠢᠯᠡ ᠠᠵᠢᠯᠯᠠᠭ᠎ᠠ ᠶᠢ ᠨᠢᠭᠡ ᠶᠢ ᠣᠯᠵᠤ ᠮᠡᠳᠡᠪᠡᠯ ᠨᠢᠭᠡ ᠶᠢ ᠰᠢᠢᠳᠪᠦᠷᠢᠯᠡᠵᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠥᠬᠡᠶ᠃       ᠳᠥᠷᠪᠡ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠰᠣᠨᠢᠨ ᠮᠡᠳᠡᠭᠡᠨ ᠤ ᠵᠠᠭᠤᠴᠢᠯᠠᠭᠤᠷ᠂ ᠴᠢᠮᠡᠭᠡ ᠬᠤᠯᠪᠣᠭᠠᠨ ᠤ ᠲᠠᠪᠴᠠᠩ ︵ᠣᠬᠤᠷ ᠮᠡᠳᠡᠭᠡ᠂ ᠸᠢᠴᠠᠲ ᠵᠡᠷᠭᠡ︶ ᠵᠢᠴᠢ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠭᠠᠯ ᠰᠡᠷᠭᠡᠶᠢᠯᠡᠨ ᠤᠨᠲᠠᠷᠠᠭᠠᠬᠤ ᠠᠵᠢᠯ ᠪᠠ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠤᠬᠠᠭᠤᠯᠭ᠎ᠠ ᠶᠢ ᠴᠢᠩᠭᠠᠳᠬᠠᠵᠤ᠂ ᠢᠯᠠᠩᠭᠤᠶ᠎ᠠ ᠪᠤᠶᠢᠳᠠ ᠪᠥᠭᠯᠡᠭᠦᠤ ᠭᠠᠵᠠᠷ ᠣᠷᠣᠨ᠂ ᠣᠶ ᠰᠢᠭᠤᠶ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠰᠣᠯᠪᠢᠴᠠᠭᠰᠠᠨ ᠭᠠᠵᠠᠷ ᠣᠷᠣᠨ ᠳᠤ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠪᠦᠬᠦ ᠨᠡᠶᠢᠭᠡᠮ ᠢᠶᠠᠷ ᠢᠶᠠᠨ ᠭᠠᠯ ᠰᠡᠷᠭᠡᠶᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠲᠦᠮᠡᠨ ᠤ ᠠᠶᠤᠯ ᠠᠴᠠ ᠪᠠᠴᠢᠮ ᠵᠠᠶᠢᠯᠠᠬᠤ ᠮᠡᠳᠡᠯᠭᠡ ᠶᠢ ᠪᠠᠶᠠᠯᠢᠭᠵᠢᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠤᠬᠢᠷᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃      ᠲᠠᠪᠤ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠡᠷᠬᠡᠪᠰᠢ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ 24 ᠴᠠᠭ ᠢᠶᠠᠷ ᠵᠢᠵᠢᠭᠦᠷᠯᠡᠵᠦ ᠬᠤᠨᠣᠭᠯᠠᠬᠤ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠪᠠᠶᠢᠷᠢᠨ ᠲᠠᠭᠠᠨ ᠪᠠᠶᠢᠬᠤ᠂ ᠠᠵᠢᠯ ᠤᠨ ᠪᠠᠶᠢᠷᠢ ᠬᠤᠭᠤᠰᠤᠨ ᠦᠭᠡᠶ᠂ ᠬᠠᠷᠢᠭᠤᠴᠠᠯᠭ᠎ᠠ ᠶᠢ ᠰᠠᠯᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠵᠤ᠂ ᠪᠠᠰᠠ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠭᠠᠯ ᠲᠦᠢᠮᠡᠷ ᠠᠴᠠ ᠠᠪᠤᠷᠠᠬᠤ ᠵᠡᠷᠭᠡ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠠᠭ ᠲᠤᠬᠠᠶ ᠳᠤᠨᠢ ᠰᠠᠶᠢᠲᠤᠷ ᠬᠢᠵᠦ᠂ ᠡᠯ᠎ᠡ ᠲᠥᠷᠥᠯ ᠤᠨ ᠭᠠᠯ ᠰᠡᠷᠭᠡᠶᠢᠯᠡᠨ ᠤᠨᠲᠠᠷᠠᠭᠠᠬᠤ ᠲᠤᠰᠬᠠᠶ ᠮᠡᠷᠭᠡᠵᠢᠯ᠂ ᠬᠠᠭᠠᠰ ᠲᠤᠰᠬᠠᠶ ᠮᠡᠷᠭᠡᠵᠢᠯ ᠤᠨ ᠬᠦᠴᠦᠨ ᠢ ᠨᠢᠭᠡᠳᠦᠭᠡᠷ ᠹᠷᠣᠨᠲ ᠲᠤ ᠪᠠᠶᠢᠷᠢᠯᠠᠭᠤᠯᠵᠤ᠂ ᠴᠠᠭ ᠢᠮᠠᠭᠲᠠ ᠲᠠᠶᠢᠨ ᠤ ᠪᠡᠯᠡᠳᠬᠡᠯ ᠤᠨ ᠪᠠᠶᠢᠳᠠᠯ ᠢ ᠪᠠᠲᠤᠯᠠᠵᠤ᠂ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠳᠠᠷᠦ᠋ᠢᠬᠠᠨ ᠳᠡᠭᠡᠭᠰᠢ ᠮᠡᠳᠡᠭᠦᠯᠬᠦ ᠶᠢᠨ ᠬᠠᠮᠲᠤ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠬᠡᠷᠡᠭᠲᠡᠶ᠃ ᠭᠤᠣᠯ ᠤᠳᠤᠷᠢᠳᠤᠯᠭ᠎ᠠ ᠡᠷᠬᠡᠪᠰᠢ ᠪᠡᠶ᠎ᠡ ᠪᠠᠷ ᠢᠶᠠᠨ ᠲᠤᠬᠠᠢ ᠶᠢᠨ ᠲᠠᠯᠠᠪᠠᠢ ᠳᠤ ᠬᠦᠷᠴᠦ ᠵᠢᠯᠣᠭᠤᠳᠴᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠰᠢᠨᠵᠢᠯᠡᠬᠦ ᠤᠬᠠᠭᠠᠨᠴᠢ ᠪᠠᠷ ᠠᠪᠤᠷᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠭᠤᠣᠯ ᠬᠦᠴᠦᠨ ᠢᠶᠠᠨ ᠣᠷᠣᠭᠤᠯᠵᠤ᠂ ᠪᠠᠭ᠎ᠠ ᠭᠠᠯ ᠲᠦᠢᠮᠡᠷ ᠢ ᠴᠦ ᠠᠯᠳᠠᠯ ᠦᠭᠡᠢ ᠪᠠᠷ ᠳᠠᠷᠤᠬᠤ︾ ᠶᠢ ᠪᠠᠷᠢᠮᠲᠠᠯᠠᠵᠤ᠂ ᠭᠠᠯ ᠭᠠᠷᠪᠠᠴᠦ ᠭᠠᠮᠰᠢᠭ ᠪᠣᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃      ᠵᠢᠷᠭᠤᠭ᠎ᠠ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠭᠤᠶᠢᠲᠤ ᠣᠷᠣᠨ᠂ ᠨᠤᠲᠤᠭ ᠪᠡᠯᠴᠢᠭᠡᠷ ᠤᠨ ᠣᠷᠣᠨ ᠳᠤ ᠨᠡᠪᠲᠡᠷᠡᠬᠦ ᠵᠠᠮ ᠤᠨ ᠠᠭᠤᠯᠵᠠᠷ ᠲᠤ ᠲᠦᠷ ᠴᠠᠭ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠴᠠᠭᠠᠯᠲᠠ ᠶᠢᠨ ᠥᠷᠲᠡᠭᠡ ᠴᠢᠭ ᠭᠠᠷᠭᠠᠵᠤ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠠᠮᠢᠶᠠᠷᠤᠯᠲᠠ ᠶᠢᠨ ᠣᠷᠣᠨ ᠢ ᠥᠩᠭᠡᠷᠡᠬᠦ ᠲᠡᠷᠭᠡ ᠬᠥᠰᠬᠡ ᠳᠤ ᠡᠷᠬᠡᠪᠰᠢ ᠭᠠᠯ ᠰᠡᠷᠭᠡᠶᠢᠯᠡᠬᠦ ᠲᠣᠨᠣᠭᠯᠠᠯ ᠤᠭᠰᠠᠷᠠᠭᠤᠯᠵᠤ᠂ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠲᠣᠬᠢᠷᠠᠭᠤᠯᠤᠨ᠂ ᠵᠢᠵᠢᠭᠦᠷᠯᠡᠭᠴᠢ ᠶᠢᠨ ᠪᠠᠶᠢᠴᠠᠭᠠᠯᠲᠠ ᠶᠢ ᠨᠥᠬᠦᠴᠡᠯ ᠦᠭᠡᠢ ᠪᠠᠷ ᠬᠦᠯᠢᠶᠡᠵᠦ᠂ ᠭᠠᠯ ᠤᠨ ᠵᠦᠢᠯ ᠢ ᠣᠯᠵᠤ ᠮᠡᠳᠡᠪᠡᠯ ᠡᠷᠡᠰ ᠦᠯᠡᠳᠡᠭᠡᠨ ᠠᠪᠴᠤ᠂ ᠭᠠᠯ ᠤᠨ ᠲᠥᠷᠥᠯ ᠢ ᠣᠢ ᠳᠤ ᠣᠷᠣᠭᠤᠯᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠵᠦ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ ᠡᠷᠡᠰ ᠬᠤᠷᠢᠭᠯᠠᠬᠤ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ ᠲᠦᠷᠢᠶᠡᠰᠦᠨ ᠮᠠᠰᠢᠨ ᠲᠡᠷᠭᠡ᠂ ᠰᠢᠤᠳᠠᠨ᠂ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠠᠰᠢ ᠴᠠᠰᠢ ᠥᠩᠭᠡᠷᠡᠬᠦ ᠪᠤᠶᠤ ᠬᠠᠮᠢᠶᠠᠷᠴᠤ ᠪᠠᠶᠢᠭ᠎ᠠ ᠲᠡᠷᠭᠡ ᠬᠥᠰᠬᠡ ᠳᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠵᠢᠯᠣᠭᠤᠴᠢ ᠠᠶᠠᠨᠴᠢᠳ ᠭᠠᠳᠠᠭᠰᠢ ᠲᠠᠮᠠᠬᠢ ᠵᠡᠷᠭᠡ  ᠭᠠᠯ ᠤᠨ ᠵᠦᠢᠯ ᠢᠶᠠᠨ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠳᠣᠯᠤᠭ᠎ᠠ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠣᠶ ᠰᠢᠭᠤᠶ ᠳᠤ ᠬᠤᠯᠪᠣᠭᠳᠠᠬᠤ ᠡᠯ᠎ᠡ ᠦᠢᠯᠡᠳᠪᠦᠷᠢᠯᠡᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠭᠠᠵᠠᠷ︶ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ ᠵᠡᠷᠭᠡ  ᠨᠢᠭᠡᠴᠢ ᠡᠷᠬᠡᠪᠰᠢ ᠬᠡᠭᠡᠷ᠎ᠡ ᠭᠠᠳᠠᠨᠠᠬᠢ ᠭᠠᠯ ᠤᠨ ᠠᠶᠤᠯ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠷᠢᠯᠭᠠᠵᠤ᠂ ᠭᠠᠯ ᠤᠨᠲᠠᠷᠠᠭᠠᠬᠤ ᠲᠤᠰᠬᠠᠶ ᠠᠩᠭᠢ ᠶᠢᠨ ᠭᠡᠰᠢᠭᠦᠨ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠭᠦᠢᠴᠡᠳ ᠳᠣᠭᠢᠷᠠᠭᠤᠯᠤᠨ᠂ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃      ᠨᠠᠢᠮᠠ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠶ᠂ ᠠᠷᠭ᠎ᠠ ᠬᠡᠮᠵᠢᠶ᠎ᠡ ᠨᠢ ᠬᠦᠴᠦᠨ ᠦᠭᠡᠶ᠂ ᠬᠢᠨᠠᠯᠲᠠ ᠲᠠᠯᠪᠢᠵᠤ ᠪᠠᠶᠢᠴᠠᠭᠠᠭᠰᠠᠨ ᠨᠢ ᠪᠣᠳᠠᠲᠠᠶᠢᠵᠢᠭᠠᠳᠤᠶ ᠨᠢᠭᠡᠴᠡ ᠪᠣᠯᠤᠨ ᠬᠤᠪᠢ ᠬᠥᠮᠦᠨ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号