| | 3 ᠰᠠᠷ᠎ᠠ ᠶᠢᠨ 11 ᠤ ᠡᠳᠦᠷ᠂ ᠪᠥᠬᠦ ᠬᠤᠰᠢᠭᠤᠨ ᠤ ᠰᠢᠨ᠎ᠡ ᠡᠨᠧᠷᠭᠢ ᠵᠢᠴᠢ ᠭᠤᠤᠯᠳᠠᠯᠭᠠᠲᠤ ᠲᠥᠷᠥᠯ | ᠵᠦᠢᠯ ᠤᠨ ᠭᠠᠵᠠᠷ ᠰᠢᠷᠣᠶ ᠲᠠᠲᠠᠪᠤᠷᠢᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ᠃ | | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ | ᠲᠤᠯᠭᠠᠷᠠᠭᠰᠠᠨ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠭᠠᠵᠠᠷ ᠰᠢᠷᠣᠢ | ᠲᠠᠲᠠᠪᠤᠷᠢᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠷᠠᠯᠵᠢᠶ᠎ᠠ ᠡᠵᠡᠩᠨᠡᠬᠦ ᠣᠷᠴᠢᠨ | ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠢᠷᠤᠭ ᠬᠦᠰᠦᠨᠦᠭᠲᠦ ᠭᠠᠷᠭᠠᠨ᠂ ᠠᠯᠬᠤᠮ | ᠳᠠᠷᠠᠭ᠎ᠠ ᠲᠠᠢ ᠪᠠᠷ ᠠᠬᠢᠭᠤᠯᠵᠤ᠂ ᠤᠷᠢᠳᠠᠴᠢ ᠬᠤᠭᠤᠴᠠᠭᠠᠨ ᠤ ᠭᠠᠷᠳᠠᠮ ᠭᠦᠴᠡᠳᠭᠡᠬᠦ ᠶᠢ ᠲᠦᠷᠭᠡᠳᠭᠡᠨ᠂ ᠲᠥᠷᠥᠯ | ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ | ᠬᠤᠷᠠᠯ ᠳᠡᠭᠡᠷ᠎ᠡ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠴᠠ ᠰᠢᠨ᠎ᠡ ᠡᠨᠧᠷᠭᠢ ᠶᠢᠨ | ᠲᠥᠷᠥᠯ ᠵᠦᠶ᠋ᠯ᠂ ᠴᠠᠬᠢᠯᠭᠠᠨ ᠬᠦᠴᠦᠨ ᠤ ᠭᠤᠤᠯᠳᠠᠯᠭᠠᠲᠤ ᠲᠥᠷᠥᠯ ᠵᠦᠶ᠋ᠯ ᠤᠨ ᠠᠬᠢᠴᠠ ᠶᠢᠨ ᠪᠠᠶᠢᠳᠠᠯ ᠢ ᠬᠠᠷᠢᠭᠤ | ᠮᠡᠳᠡᠭᠦᠯᠦᠭᠰᠡᠨ ᠤ ᠬᠠᠮᠲᠤ ᠬᠤᠷᠠᠯ ᠳᠤ ᠣᠷᠣᠯᠴᠠᠭᠰᠠᠳ ᠠᠴᠠ ᠭᠠᠵᠠᠷ ᠰᠢᠷᠣᠶ ᠲᠠᠲᠠᠪᠤᠷᠢᠯᠠᠬᠤ ᠠᠵᠢᠯ ᠪᠤᠯᠤᠨ | ᠲᠥᠷᠥᠯ ᠵᠦᠶ᠋ᠯ ᠤᠨ ᠤᠷᠢᠳᠠᠴᠢ ᠬᠤᠭᠤᠴᠠᠭᠠᠨ ᠤ ᠭᠠᠷᠳᠠᠮ ᠭᠦᠢᠴᠡᠳᠭᠡᠯ ᠢ ᠲᠦᠷᠭᠡᠳᠬᠡᠬᠦ ᠵᠡᠷᠭᠡ ᠠᠭᠤᠯᠭ᠎ᠠ ᠶᠢᠨ | ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ | ᠬᠤᠰᠢᠭᠤᠨ ᠳᠡᠳ᠋ ᠳᠠᠷᠤᠭ᠎ᠠ ᠸᠠᠩ ᠵᠢᠶᠦ᠋ᠨ ᠵᠢᠶᠦ᠋ᠨ ᠬᠤᠷᠠᠯ ᠳᠤ ᠤᠷᠤᠯᠴᠠᠵᠠᠢ᠃ | | |