ᠤᠯᠤᠰ ᠲᠥᠷᠥ ᠶᠢᠨ ᠵᠥᠪᠯᠡᠯᠭᠡᠨ ᠨᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠲᠠᠢ ᠬᠠᠮᠲᠤᠷᠠᠯᠴᠠᠬᠤ ᠪᠤᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/24
     3 ᠰᠠᠷ᠎ᠠ ᠶᠢᠨ 13 ᠤ ᠡᠳᠦᠷ᠂ ᠤᠯᠤᠰ ᠲᠥᠷᠥ ᠶᠢᠨ ᠵᠥᠪᠯᠡᠯᠭᠡᠨ ᠨᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠲᠠᠢ ᠬᠠᠮᠲᠤᠷᠠᠯᠴᠠᠬᠤ ᠪᠤᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ᠂ ᠳᠡᠳ᠋ ᠲᠡᠷᠢᠭᠦᠯᠡᠭᠴᠢ ᠰᠠᠶᠢᠨᠪᠠᠲᠤ ᠪᠤᠯᠤᠨ ᠬᠤᠰᠢᠭᠤᠨ ᠤ ᠰᠢᠭᠦᠬᠦ ᠬᠤᠷᠢᠶᠠᠨ ᠤ ᠳᠠᠷᠤᠭ᠎ᠠ ᠸᠠᠩ ᠢᠦᠶ᠂ ᠪᠠᠶᠢᠴᠠᠭᠠᠬᠤ ᠬᠤᠷᠢᠶᠠᠨ ᠤ ᠳᠠᠷᠤᠭ᠎ᠠ ᠵᠠᠩ ᠯᠢ ᠨᠡᠷ ᠬᠤᠷᠠᠯ ᠳᠤ ᠣᠷᠣᠯᠴᠠᠵᠠᠶ᠃      ᠬᠤᠷᠠᠯ ᠠᠴᠠ᠂ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠵᠥᠪᠯᠡᠯᠭᠡᠨ ᠨᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠲᠠᠢ ᠬᠠᠮᠲᠤᠷᠠᠯᠴᠠᠬᠤ ᠪᠤᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠥᠷᠥᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢᠶᠠᠷ ᠳᠠᠮᠵᠢᠭᠤᠯᠤᠨ᠂ ᠠᠷᠠᠳ ᠤᠨ ᠪᠠᠶᠢᠳᠠᠯ ᠢ ᠲᠠᠰᠤᠷᠠᠯᠲᠠ ᠥᠬᠡᠶ ᠣᠶᠢᠯᠠᠭᠠᠵᠤ᠂ ᠠᠷᠠᠳ ᠤᠨ ᠰᠠᠨᠠᠭ᠎ᠠ ᠶᠢ ᠰᠤᠨᠤᠰᠤᠨ᠂ ᠠᠷᠠᠳ ᠣᠯᠠᠨ ᠤ ᠬᠦᠴᠢᠷ ᠵᠤᠪᠠᠭᠤᠷᠢ ᠪᠤᠯᠤᠨ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠠᠶᠢᠲᠤᠷ ᠤᠶᠢᠯᠠᠭᠠᠵᠤ᠂ ︽ᠤᠯᠤᠰ ᠲᠥᠷᠥ ᠶᠢᠨ ᠵᠥᠪᠯᠡᠯᠭᠡᠨ ᠤᠯᠠᠨ ᠲᠠᠢ ᠬᠠᠮᠲᠤᠷᠠᠯᠴᠠᠬᠤ︾ ᠠᠵᠢᠯ ᠤᠨ ᠲᠣᠭᠲᠠᠴᠠ ᠶᠢ ᠭᠦᠢᠴᠡᠳ ᠬᠡᠷᠡᠭᠯᠡᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠶ ᠭᠡᠵᠡᠶ᠃      ᠬᠤᠷᠠᠯ ᠳᠡᠭᠡᠷ᠎ᠡ᠂ ᠬᠤᠰᠢᠭᠤᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠤᠯᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠳ ᠠᠴᠠ 2024 ᠣᠨ ᠤ ᠤᠯᠤᠰ ᠲᠥᠷᠥ ᠶᠢᠨ ᠵᠥᠪᠯᠡᠯᠭᠡᠨ ᠨᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠲᠠᠢ ᠬᠠᠮᠲᠤᠷᠠᠯᠴᠠᠬᠤ ᠪᠤᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠬᠦ ᠠᠵᠢᠯ ᠳᠤ ᠲᠣᠰ ᠲᠣᠰ ᠳ᠋ᠦᠩᠨᠡᠯᠲᠡ ᠬᠢᠭᠰᠡᠨ ᠤ ᠬᠠᠮᠲᠤ 2025 ᠣᠨ ᠤ ᠠᠵᠢᠯ ᠳᠠᠭᠠᠨ ᠪᠠᠶᠢᠷᠢᠯᠠᠭᠤᠯᠤᠯᠲᠠ ᠬᠢᠵᠡᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号