ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠵᠣᠬᠢᠶᠠᠨ  ᠪᠠᠶᠢᠭᠤᠯᠤᠯᠲᠠ  ᠶᠢᠨ  ᠠᠮᠢᠳᠤᠷᠠᠯ  ᠤᠨ  ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
       3 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ  ᠬᠤᠷᠠᠯᠳᠤᠪᠠ  ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ  ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠮᠥᠩᠬᠡ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠨᠠᠮ ᠤᠨ  ᠬᠡᠰᠢᠭᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂  ᠬᠠᠷᠢᠭᠤᠴᠠᠯᠭᠠᠳᠤ ᠣᠪᠣᠷ ᠢᠶᠠᠷ ᠠᠵᠢᠯ ᠨᠢᠭᠡᠪᠦᠷᠢ ᠶᠢ   ᠪᠠᠨ ᠰᠠᠶᠢᠲᠤᠷ ᠬᠢᠵᠦ᠂ ᠨᠢᠭᠲᠠ ᠠᠴᠠ ᠨᠢᠭᠲᠠ ᠪᠠᠶᠢᠬᠤ ᠪᠠᠷᠢᠮᠵᠢᠶ᠎ᠠ ᠪᠠᠷ ᠪᠣᠭᠤᠮᠲᠠ ᠨᠢᠭᠡᠪᠦᠷᠢ ᠶᠢ ᠰᠠᠶᠢᠲᠤᠷ ᠡᠵᠡᠮᠳᠡᠨ᠂  ᠵᠠᠰᠠᠭ ᠢ  ᠲᠤᠰᠠᠯᠠᠨ  ᠵᠦᠪᠯᠡᠬᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠦᠢᠯᠡᠴᠢᠯᠡᠭᠡ ᠪᠠᠲᠤᠯᠠᠭ᠎ᠠ ᠬᠠᠩᠭᠠᠬᠤ ᠵᠡᠷᠭᠡ ᠡᠯ᠎ᠡ ᠵᠦᠢᠯ ᠤᠨ ᠠᠵᠢᠯ ᠤᠨ ᠬᠢᠷᠢ ᠲᠦᠪᠰᠢᠨ  ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ ᠴᠠᠭᠠᠷᠠᠭᠰᠠᠨ ᠴᠢᠳᠠᠪᠤᠷᠢ ᠶᠢ ᠪᠣᠶ ᠪᠣᠯᠭᠠᠵᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠬᠥᠮᠦᠨ ᠤ ᠠᠮᠢᠳᠤᠷᠠᠯ ᠤᠨ ᠦᠨ᠎ᠡ ᠥᠷᠲᠡᠭ  ᠢᠶᠠᠨ ᠪᠡᠶᠡᠯᠡᠭᠦᠯᠬᠦ ᠬᠡᠷᠡᠭᠲᠡᠶ ᠭᠡᠵᠡᠢ᠃     ᠠᠯᠪᠠᠨ ᠭᠡᠷ ᠤᠨ ᠠᠵᠢᠯ ᠢ ᠰᠠᠶᠢᠲᠤᠷ ᠬᠢᠬᠦ ᠲᠤᠬᠠᠢ ᠮᠦᠩᠭᠡ ᠲᠦᠷᠪᠡᠨ ᠲᠠᠯ᠎ᠠ ᠶᠢᠨ ᠬᠦᠰᠡᠯ ᠱᠠᠭᠠᠷᠳᠠᠯᠭ᠎ᠠ  ᠳᠤᠷᠠᠳᠪᠠ  ᠃ ᠨᠢᠭᠡ ᠳᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠮᠠᠭᠲᠠ ᠨᠢᠭᠡᠳᠦᠭᠡᠷ ᠪᠠᠷᠢᠮᠵᠢᠶ᠎ᠠ ᠪᠣᠯᠭᠠᠵᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ  ᠃ ᠬᠤᠶᠠᠷ ᠲᠤ  ᠂ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠭᠡᠬᠦ  ᠶᠢ ᠢᠮᠠᠭᠲᠠ ᠨᠢᠭᠡᠳᠦᠭᠡᠷ ᠬᠥᠭᠡᠭᠡᠴᠡᠯᠳᠦᠯ ᠪᠣᠯᠭᠠᠵᠤ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠵᠣᠷᠢᠭᠲᠠᠢ ᠪᠠᠷ ᠲᠦᠷᠦᠭᠦᠯᠡᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠭᠤᠷᠪᠠ ᠳᠤ  ᠂ ᠪᠣᠳᠠᠲᠠᠢ ᠠᠵᠢᠯᠯᠠᠬᠤ ᠶᠢ ᠢᠮᠠᠭᠲᠠ ᠨᠢᠭᠡᠳᠦᠭᠡᠷ ᠵᠣᠷᠢᠯᠲᠠ ᠪᠣᠯᠭᠠᠵᠤ᠂ ᠰᠤᠷᠲᠠᠯ ᠢ ᠰᠠᠶᠢᠵᠢᠷᠠᠭᠤᠯᠬᠤ ᠲᠠᠯ᠎ᠠ ᠪᠠᠷ ᠬᠡᠪ ᠳᠠᠭᠤᠷᠢᠶᠠᠯ ᠢ ᠪᠤᠢ ᠪᠣᠯᠭᠠᠬᠤ ᠬᠡᠷᠡᠭᠲᠡᠢ ᠲᠦᠷᠪᠡ ᠳᠤ᠂  ᠪᠡᠶ᠎ᠡ ᠪᠠᠨ ᠴᠢᠩᠭ᠎ᠠ ᠱᠠᠭᠠᠷᠳᠠᠬᠤ   ᠶᠢ ᠢᠮᠠᠭᠲᠠ ᠨᠢᠭᠡᠳᠦᠭᠡᠷ ᠪᠠᠷᠢᠮᠵᠢᠶ᠎ᠠ ᠪᠣᠯᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠲᠠᠯ᠎ᠠ ᠪᠠᠷ ᠡᠮᠦᠨ᠎ᠡ ᠶᠠᠪᠤᠬᠤ ᠬᠡᠷᠡᠭᠲᠡᠢ  ᠭᠡᠵᠡᠢ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ ᠬᠠᠷᠢᠭᠤᠴᠠᠯᠭᠠᠲᠠᠨ ᠠᠴᠠ ᠨᠠᠮ ᠤᠨ ᠡᠭᠦᠷ ᠤᠨ  ᠵᠦᠪᠯᠡᠯ ᠤᠨ ᠠᠰᠠᠭᠤᠳᠠᠯ ᠢ ᠪᠠᠶᠢᠴᠠᠭᠠᠨ ᠦᠵᠡᠭᠰᠡᠨ ᠪᠠᠶᠢᠳᠠᠯ ᠢ ᠮᠡᠳᠡᠭᠳᠡᠵᠦ᠂ ᠠᠰᠠᠭᠤᠳᠠᠯ ᠤᠨ ᠰᠢᠯᠲᠠᠭᠠᠨ ᠢ ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠦᠨ ᠮᠢᠩ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠦ ᠴᠦᠨ ᠶᠦᠩ ᠬᠤᠷᠠᠯ ᠳᠤ ᠣᠷᠣᠯᠴᠠᠵᠠᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号