ᠮᠥᠩᠬᠡ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/24
        3 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ᠂ ᠬᠤᠲᠠ  ᠲᠣᠭᠤᠷᠢᠭ ᠤᠨ ᠵᠠᠮ ᠱᠤᠭᠤᠮ ᠢ ᠥᠭᠡᠷᠡᠴᠢᠯᠡᠬᠦ᠂ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠵᠢᠴᠢ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠤᠨ ᠲᠣᠭᠤᠷᠢᠨ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃      ᠮᠥᠩᠬᠡ ᠨᠠᠷ ᠤᠷᠢᠳ ᠬᠤᠵᠢᠳ ᠪᠣᠷᠣᠬᠤᠲᠠ  ᠵᠢᠷᠭᠤᠳᠤᠭᠠᠷ ᠳᠤᠮᠳᠠᠳᠤ ᠰᠤᠷᠭᠠᠭᠤᠯᠢ᠂ ᠹᠦ᠋ ᠰᠢᠩ ᠨᠡᠶᠢᠭᠡᠮ ᠲᠣᠭᠤᠷᠢᠭ ᠪᠣᠯᠤᠨ ᠬᠤᠲᠠ ᠲᠣᠭᠤᠷᠢᠭ ᠤᠨ ᠬᠡᠰᠡᠭ ᠵᠡᠭᠡᠯᠢ ᠭᠤᠳᠤᠮᠵᠢ ᠵᠡᠷᠭᠡ ᠭᠠᠵᠠᠷ ᠲᠤ ᠬᠦᠷᠴᠦ᠂ ᠬᠤᠯᠪᠣᠭᠳᠠᠯ ᠪᠥᠬᠦᠶ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠮᠦᠩᠭᠡ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ︽ ᠪᠠᠴᠢᠮ ᠲᠤᠯᠭᠠᠮ  ᠬᠦᠴᠢᠷ  ᠵᠤᠪᠠᠨᠢᠯ  ᠬᠦᠰᠡᠯ︾ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ ᠪᠠᠭ᠎ᠠ ᠶᠠᠪᠤᠳᠠᠯ︾ ᠢ ᠴᠤ  ᠰᠡᠳᠬᠢᠯ  ᠲᠠᠯᠪᠢᠨ  ᠰᠢᠢᠳᠪᠥᠷᠢᠯᠡᠬᠦ ᠬᠡᠷᠡᠭᠲᠡᠢ᠃ ᠬᠤᠳᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠳᠠ ᠶᠢᠨ ᠨᠠᠷᠢᠯᠢᠬᠵᠢᠭᠤᠯᠤᠭᠰᠠᠨ ᠵᠠᠰᠠᠯᠲᠠ ᠶᠢ  ᠭᠦᠨᠵᠡᠭᠡᠶᠢᠷᠡᠭᠦᠯᠥᠨ᠂ ᠠᠷᠠᠳ ᠤᠨ ᠠᠮᠢᠳᠤᠷᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠠᠮᠢᠳᠤᠷᠠᠯ ᠤᠨ  ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ  ᠭᠡᠵᠡᠢ᠃     ᠮᠥᠩᠬᠡ ᠱᠠᠭᠠᠷᠳᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠲᠥᠬᠦᠭᠡᠷᠦᠮᠵᠢ ᠶᠢ ᠲᠠᠰᠤᠷᠠᠯᠲᠠ ᠥᠬᠡᠶ  ᠲᠡᠭᠦᠯᠳᠡᠷᠵᠢᠭᠦᠯᠥᠨ᠂ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ  ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ  ᠠᠷᠢᠯᠭᠠᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠵᠤ᠂ ᠵᠠᠯᠠᠭᠤ ᠪᠠᠭ᠎ᠠ ᠰᠤᠷᠤᠭᠴᠢᠳ ᠲᠤ ᠰᠠᠶᠢᠨ ᠰᠠᠶᠢᠬᠠᠨ ᠦᠰᠦᠨ ᠪᠤᠶᠢᠵᠢᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠭᠡᠪᠡ᠃      ᠵᠦ ᠴᠦᠨ ᠶᠦᠩ᠂ ᠳᠤᠪᠳᠤᠨᠰᠡᠩᠭᠡ ᠨᠠᠷ  ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号