ᠮᠥᠩᠬᠡ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
       3 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠦᠨ ᠮᠢᠩ ᠲᠤᠤ᠂ ᠬᠤ᠋ ᠹᠧᠩ ᠶᠠᠨ᠂ ᠭᠧᠩ ᠸᠧᠢ ᠳ᠋ᠦᠩ᠂ ᠵᠦ ᠴᠦᠨ ᠶᠦᠩ᠂ ᠴᠠᠭᠠᠨᠪᠠᠭᠠᠲᠤᠷ᠂ ᠸᠠᠩ ᠶᠦᠩ ᠯᠢ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠮᠥᠩᠬᠡ ᠬᠡᠰᠡᠭ ᠬᠦᠷᠢᠶ᠎ᠡ ᠴᠠᠷᠢᠶᠠᠨ ᠤ ᠭᠤᠤᠯᠳᠠᠯᠭ᠎ᠠ ᠲᠠᠢ ᠠᠵᠢᠯ ᠳᠤ ᠴᠢᠭᠯᠡᠭᠦᠯᠦᠨ ᠲᠣᠰ ᠲᠣᠰ ᠪᠣᠳᠠᠲᠠᠶ ᠱᠠᠭᠠᠷᠳᠠᠯᠭ᠎ᠠ ᠳᠤᠷᠠᠳᠪᠠ᠃ ᠮᠦᠩᠬᠡ  ᠶᠠᠷᠢᠶᠠᠨ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠂  ᠬᠡᠯᠪᠡᠷᠢᠵᠢᠭᠦᠯᠥᠨ ᠴᠣᠭᠴᠠᠯᠠᠵᠤ᠂ ᠰᠡᠳᠬᠢᠯᠭᠡ ᠲᠠᠢ ᠪᠠᠷ  ᠬᠤᠯᠪᠤᠭᠠᠯᠠᠵᠤ᠂  ᠪᠦᠲᠦᠮᠵᠢᠲᠡᠢ   ᠪᠠᠷ ᠠᠬᠢᠭᠤᠯᠤᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ  ᠭᠡᠵᠡᠢ᠃     ᠮᠦᠩᠬᠡ  ᠪᠠᠰᠠ ᠶᠠᠷᠢᠶᠠᠨ ᠳᠠᠭᠠᠨ᠂ ᠱᠠᠰᠢᠨ ᠰᠤᠷᠲᠠᠬᠤᠨ ᠤ ᠬᠦᠷᠢᠶᠡᠨ ᠤ ᠠᠮᠤᠷ ᠲᠦᠪᠰᠢᠨ ᠤ ᠠᠵᠢᠯ ᠨᠢ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠵᠤ  ᠪᠠᠶᠢᠳᠠᠭ  ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠣᠨᠴᠠᠭᠠᠶᠢᠯᠠᠨ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠱᠠᠰᠢᠨ ᠰᠤᠷᠲᠠᠬᠤᠨ ᠤ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠤᠨ ᠴᠠᠭ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ  ᠭᠡᠵᠡᠢ᠃     ᠮᠥᠩᠬᠡ ᠴᠢᠬᠤᠯᠠᠴᠢᠯᠠᠭᠰᠠᠨ ᠨᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ  ᠠᠬᠢᠭᠤᠯᠬᠤ ᠬᠡᠷᠡᠭᠳᠡᠢ  ᠃ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ  ᠭᠡᠵᠡᠢ᠃ ᠮᠥᠩᠬᠡ ᠪᠠᠰᠠ ᠶᠠᠷᠢᠶᠠᠨ ᠳᠠᠭᠠᠨ ᠱᠠᠭᠠᠷᠳᠠᠭᠰᠠᠨ ᠨᠢ᠂ ᠵᠣᠷᠢᠯᠲᠠ ᠶᠢᠨ ᠤᠬᠠᠮᠰᠠᠷ ᠢ  ᠪᠠᠬᠢᠵᠡᠭᠦᠯᠵᠥ᠂ ᠠᠷᠠᠳ ᠢᠶᠠᠷ ᠦᠨᠳᠦᠰᠦ ᠪᠣᠯᠭᠠᠬᠤ ᠬᠠᠶᠢᠷ᠎ᠠ ᠰᠡᠳᠬᠢᠯᠭᠡ ᠶᠢ ᠪᠠᠨ ᠵᠤᠵᠠᠭᠠᠳᠬᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂  ᠤᠯᠠᠨ ᠲᠦᠮᠡᠨ ᠳᠤ ᠠᠰᠢᠭᠳᠠᠢ ᠰᠠᠶᠢᠨ ᠶᠠᠪᠤᠳᠠᠯ ᠪᠣᠳᠠᠲᠤ ᠶᠠᠪᠤᠳᠠᠯ ᠢ ᠴᠢᠷᠮᠠᠶᠢᠨ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ  ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号