ᠮᠠᠨ ᠤ ᠬᠤᠰᠢᠭᠤ ᠳᠡᠭᠡᠷ᠎ᠡ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠤᠷᠠᠨ ᠰᠠᠶᠢᠬᠠᠨ ᠤ ᠲᠣᠭᠯᠠᠯᠲᠠ ᠪᠠ  ᠪᠠᠶᠠᠷ ᠤᠨ  ᠮᠡᠳᠡᠭᠡ  ᠬᠦᠷᠭᠡᠬᠦ    ᠠᠵᠢᠯᠯᠠᠭ᠎ᠠ  ᠥᠷᠨᠢᠭᠦᠯᠪᠡ
ᠨᠡᠶᠢᠲᠡᠯᠡᠭᠰᠡᠨ ᠴᠠᠭ᠄
2025/3/24
       3 ᠰᠠᠷ᠎ᠠ ᠶᠢᠨ 14 ᠤ ᠡᠳᠦᠷ᠂  ᠮᠠᠨ ᠤ ᠬᠤᠰᠢᠭᠤ 2025 ᠣᠨ ᠤ ᠳᠡᠭᠡᠷ᠎ᠡ ᠬᠠᠭᠠᠰ ᠵᠢᠯ  ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠤᠷᠠᠨ ᠰᠠᠶᠢᠬᠠᠨ ᠤ ᠲᠣᠭᠯᠠᠯᠲᠠ ᠵᠢᠴᠢ ᠪᠠᠶᠠᠷ ᠤᠨ  ᠮᠡᠳᠡᠭᠡ  ᠲᠥᠪᠯᠡᠷᠡᠭᠦᠯᠦᠨ ᠬᠦᠷᠭᠡᠬᠦ ᠠᠵᠢᠯᠯᠠᠭ᠎ᠠ ᠤᠯᠠᠨ ᠲᠦᠮᠡᠨ ᠤ ᠤᠷᠠᠯᠢᠭ ᠤᠨ ᠣᠷᠳᠣᠨ ᠳᠤ  ᠶᠠᠪᠤᠭᠳᠠᠪᠠ  ᠃  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠶᠠ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧᠩ ᠸᠧᠶ ᠳ᠋ᠦᠩ ᠠᠵᠢᠯᠯᠠᠭ᠎ᠠ ᠳᠤ ᠣᠷᠣᠯᠴᠠᠵᠠᠶ᠃ ᠰᠢᠨ᠎ᠡ ᠪᠠᠷ ᠴᠡᠷᠢᠭ ᠳᠤ ᠡᠯᠰᠡᠭᠳᠡᠭᠰᠡᠨ 42 ᠨᠠᠷ᠎ᠠ ᠰᠢᠯᠢᠳᠡᠭ  ᠵᠠᠯᠠᠭᠤᠴᠣᠳ ᠪᠤᠯᠤᠨ  ᠴᠡᠷᠢᠭ ᠤᠨ ᠭᠡᠷ ᠪᠦᠯᠢ ᠶᠢᠨ ᠬᠢᠨ ᠪᠠᠰᠠ ᠤᠷᠤᠯᠴᠠᠨ ᠲᠤᠭᠯᠠᠳᠠ ᠶᠢ ᠰᠤᠨᠢᠷᠬᠠᠭᠰᠠᠨ ᠪᠠᠶᠢᠨ᠎ᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠰᠢᠭᠤᠨ ᠤ ᠤᠳᠤᠷᠢᠳᠤᠯᠭ᠎ᠠ ᠨᠠᠷ ᠴᠡᠷᠢᠭ ᠠᠩᠬᠢ ᠳᠤ ᠭᠠᠪᠢᠶ᠎ᠠ ᠪᠠᠶᠢᠭᠤᠯᠤᠨ ᠱᠠᠩᠨᠠᠯ ᠭᠥᠷᠳᠡᠭᠰᠡᠳ ᠤᠨ ᠬᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠪᠠ ᠲᠣᠬᠤᠨᠢᠭᠤᠯᠬᠤ ᠮᠥᠩᠭᠦ ᠣᠯᠭᠤᠭᠰᠠᠨ ᠪᠥᠭᠡᠳ ᠰᠢᠨ᠎ᠡ ᠠᠶᠠᠨ ᠢᠶᠠᠨ ᠤᠳᠠᠯ ᠥᠬᠡᠶ  ᠡᠬᠢᠯᠡᠭᠦᠯᠬᠦ ᠭᠡᠵᠦ ᠪᠠᠶᠢᠭ᠎ᠠ ᠰᠢᠨ᠎ᠡ ᠴᠡᠷᠢᠭ ᠲᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂  ᠢᠲᠡᠭᠡᠯ ᠪᠢᠰᠢᠷᠡᠯ ᠢᠶᠠᠨ ᠪᠠᠲᠤᠳᠬᠠᠨ᠂ ᠮᠡᠳᠡᠯᠭᠡ ᠴᠢᠳᠠᠪᠤᠷᠢ ᠪᠠᠨ ᠳᠡᠭᠡᠭᠰᠢᠯᠡᠭᠦᠯᠵᠦ᠂ ᠰᠢᠯᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠠᠩᠭᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠪᠠ᠃     ᠠᠵᠢᠯᠯᠠᠭ᠎ᠠ ᠳᠡᠭᠡᠷ᠎ᠡ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠰᠢᠨ᠎ᠡ ᠴᠡᠷᠢᠭ  ᠤᠳ ᠠᠴᠠ ︽ ᠬᠦᠴᠥᠷᠬᠡᠭ ᠴᠡᠷᠢᠭ  ᠤᠨ ᠲᠠᠶᠢᠴᠢᠨ ᠳᠠᠭᠤᠤ︾ ᠶᠢ ᠬᠠᠩᠭᠢᠨᠠᠲᠠᠯ᠎ᠠ ᠳᠠᠭᠤᠯᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠦᠷ ᠬᠥᠭᠵᠢᠶᠡᠨ ᠲᠠᠢ ᠪᠤᠯᠭᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号