ᠣᠩᠨᠢᠭᠤᠳ ᠬᠤᠰᠢᠭᠤ ᠠᠭᠤᠷᠬᠠᠶ ᠬᠠᠶᠢᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/3/24
     2025 ᠣᠨ ᠳᠤ᠂ ᠣᠩᠨᠢᠭᠤᠳ ᠬᠤᠰᠢᠭᠤ ᠰᠢᠨ᠎ᠡ ᠡᠭᠡᠯᠵᠢ ᠶᠢᠨ ᠠᠭᠤᠷᠬᠠᠶ ᠬᠠᠶᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠬᠠᠷ᠎ᠠ ᠲᠤᠭᠤᠯᠭ᠎ᠠ᠂ ᠴᠠᠶᠢᠷ᠂ ᠬᠠᠶᠢᠯᠤᠭᠤᠷ ᠵᠣᠩᠰᠢ᠂ ᠮᠣᠯᠢᠪᠳᠧᠨ ᠵᠡᠷᠭᠡ ᠠᠭᠤᠷᠬᠠᠢ ᠶᠢᠨ ᠲᠥᠷᠥᠯ ᠤᠨ ᠬᠠᠶᠢᠨ ᠰᠢᠨᠵᠢᠬᠦ ᠠᠵᠢᠯ ᠢ ᠲᠦᠷᠭᠡᠳᠭᠡᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠭᠠᠷᠤᠯᠲᠠ ᠶᠢᠨ ᠨᠡᠮᠡᠭᠳᠡᠯ ᠢ ᠠᠬᠢᠭᠤᠯᠬᠤ ᠪᠤᠯᠤᠨ᠎ᠠ᠃      ᠡᠨᠡ ᠵᠢᠯ᠂ ᠠᠭᠤᠷᠬᠠᠢ ᠬᠠᠶᠢᠨ ᠪᠠᠶᠢᠴᠠᠭᠠᠬᠤ ᠪᠠᠯᠠ ᠮᠥᠩᠭᠦ ᠶᠢ 1.2 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ᠂ ᠵᠠᠩ ᠵᠢᠶᠠ ᠭᠧᠤ ᠤᠷᠤᠨ᠂ ᠴᠢᠶᠤᠤ ᠲᠧᠤ ᠠᠴᠠ ᠪᠣᠷᠣᠬᠤᠲᠠ ᠪᠠᠯᠭᠠᠰᠤ ᠬᠦᠷᠲᠡᠯᠡᠬᠢ ᠤᠷᠤᠨ ᠪᠤᠯᠤᠨ ᠵᠢᠶᠧ ᠹᠠᠨᠭ᠌ ᠶᠢᠩᠽᠢ ᠵᠡᠷᠭᠡ ᠭᠠᠵᠠᠷ ᠤᠷᠤᠨ ᠳᠤ ᠠᠭᠤᠷᠬᠠᠢ ᠬᠠᠶᠢᠬᠤ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠳᠤᠮᠳᠠ ᠪᠠᠭ᠎ᠠ ᠬᠡᠯᠪᠡᠷᠢ ᠶᠢᠨ ᠬᠠᠶᠢᠯᠤᠭᠤᠷ ᠵᠣᠩᠰᠢ ᠵᠡᠷᠭᠡ ᠬᠠᠭᠤᠴᠢᠨ ᠠᠭᠤᠷᠬᠠᠶ ᠶᠢ ᠨᠠᠷᠢᠯᠢᠭ ᠤᠨᠤᠪᠴᠢᠲᠠᠢ ᠬᠠᠶᠢᠬᠤ ᠶᠢ ᠴᠦ ᠵᠡᠷᠭᠡ ᠪᠠᠷ ᠠᠬᠢᠭᠤᠯᠤᠨ᠂ ᠵᠢᠱᠢᠯᠲᠡ ᠪᠠᠷ ᠵᠢᠯ ᠤᠨ ᠡᠴᠦᠰ ᠪᠣᠯᠬᠤ ᠳᠤ᠂ ᠪᠥᠬᠦ ᠬᠤᠰᠢᠭᠤᠨ ᠤ ᠰᠢᠨ᠎ᠡ ᠪᠠᠷ ᠬᠠᠶᠢᠨ ᠪᠠᠶᠢᠴᠠᠭᠠᠭᠰᠠᠨ ᠠᠭᠤᠷᠬᠠᠢ ᠶᠢᠨ ᠲᠠᠯᠠᠪᠠᠶ ᠶᠢ 30 ᠲᠡᠭᠰᠢ ᠳᠥᠷᠪᠡᠯᠵᠢᠨ ᠺᠢᠯᠣᠮᠧᠳ᠋ᠷ ᠨᠡᠮᠡᠭᠳᠡᠭᠦᠯᠵᠦ᠂ ᠬᠠᠷ᠎ᠠ ᠲᠤᠭᠤᠯᠭ᠎ᠠ᠂ ᠴᠠᠶᠢᠷ᠂ ᠮᠤᠯᠢᠪᠳᠧᠨ᠂ ᠬᠠᠶᠢᠯᠤᠭᠤᠷ ᠵᠣᠩᠰᠢ ᠵᠡᠷᠭᠡ ᠠᠭᠤᠷᠬᠠᠢ ᠶᠢᠨ ᠬᠠᠳᠠᠭᠠᠯᠠᠭᠳᠠᠴᠠ ᠶᠢ 35 ᠲᠦᠮᠡᠨ ᠲᠣᠨ ᠰᠢᠨ᠎ᠡ ᠪᠠᠷ ᠬᠠᠶᠢᠨ ᠢᠯᠡᠷᠡᠭᠦᠯᠬᠦ ᠶᠢᠨ ᠬᠠᠮᠲᠤ ᠠᠭᠤᠷᠬᠠᠶ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠤᠨ ᠴᠢᠳᠠᠪᠤᠷᠢ ᠶᠢ ᠨᠢ ᠭᠦᠢᠴᠡᠳ ᠪᠠᠳᠠᠷᠠᠭᠤᠯᠤᠨ᠂ ᠠᠭᠤᠷᠬᠠᠶ ᠶᠢᠨ ᠦᠢᠯᠡᠰ ᠤᠨ ᠬᠦᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号