| | ᠶᠠᠩ ᠶᠢᠨ ᠮᠠᠨ ᠤ ᠬᠤᠰᠢᠭᠤᠨ ᠳᠤ ᠢᠷᠡᠵᠦ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠤᠯᠤᠨ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ | 3 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ︵杨进 | ︶ ᠮᠠᠨ ᠤ ᠬᠤᠰᠢᠭᠤᠨ ᠳᠤ ᠢᠷᠡᠵᠦ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠤᠯᠤᠨ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ | ᠳᠡᠳ᠋ ᠳᠠᠷᠤᠭ᠎ᠠ ᠵᠠᠩ ᠭᠦᠸᠧ ᠬᠤᠸᠠ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ | ᠬᠤᠸᠠᠩ ᠾᠧ ︵黄河︶ ᠪᠤᠯᠤᠨ ᠬᠤᠰᠢᠭᠤᠨ ᠤ ᠤᠳᠤᠷᠢᠳᠤᠯᠭ᠎ᠠ ᠮᠠ ᠶᠦᠩ ᠭᠠᠩ᠂ ᠳᠤᠪᠳᠤᠨᠰᠡᠩᠭᠡ ᠨᠠᠷ | ᠪᠠᠷ᠎ᠠ ᠪᠣᠯᠵᠣ ᠪᠠᠶᠢᠴᠠᠭᠠᠵᠠᠢ᠃ | ᠶᠠᠩ ᠶᠢᠨ ᠨᠡᠷ ᠤᠷᠢᠳ ᠬᠤᠵᠢᠳ ᠱᠠᠵᠢᠨ ᠦᠨᠳᠦᠰᠦᠨ ᠰᠦᠮ᠎ᠡ ᠪᠣᠯᠤᠨ ᠬᠠᠰ ᠯᠤᠤ ᠵᠢᠭᠤᠯᠴᠢᠯᠠᠯ ᠤᠨ | ᠤᠷᠤᠨ ᠵᠡᠷᠭᠡ ᠭᠠᠵᠠᠷ ᠤᠳ ᠲᠤ ᠬᠦᠷᠴᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠱᠠᠰᠢᠨ | ᠰᠤᠷᠲᠠᠬᠤᠨ ᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠰᠣᠶᠣᠯ ᠵᠢᠭᠤᠯᠴᠢᠯᠠᠯ ᠤᠨ ᠠᠭᠤᠰᠤᠯᠴᠠᠯ | ᠵᠡᠷᠭᠡ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ ᠴᠢᠩᠭᠠᠳᠬᠠᠭᠰᠠᠨ ᠨᠢ᠂ ᠡᠯ᠎ᠡ ᠭᠠᠵᠠᠷ ᠤᠷᠤᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ | ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠶᠣᠯ ᠤᠨ ᠦᠨ᠎ᠡ ᠦᠷᠳᠡᠭ ᠢ ᠭᠦᠨᠵᠡᠭᠡᠢ | ᠠᠭᠤᠳᠠᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠤᠯᠠᠨ | ᠲᠦᠮᠡᠨ ᠳᠤ ᠨᠡᠩ ᠢᠯᠡᠭᠦᠦ ᠬᠦᠷᠲᠡᠭᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠨ᠂ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠯᠤᠤ ᠭᠠᠷᠤᠳᠢ ᠶᠢᠨ ᠦᠯᠵᠡᠶᠢᠲᠦ ᠨᠤᠲᠤᠭ ᠤᠨ ᠰᠣᠶᠣᠯ ᠤᠨ | ᠠᠭᠤᠯᠤᠭᠳᠠᠬᠤᠨ ᠢ ᠭᠦᠨᠵᠡᠭᠡᠢ ᠠᠭᠤᠳᠠᠯᠤᠨ᠂ ᠣᠷᠣᠨ ᠪᠦᠰᠡ ᠶᠢᠨ ᠣᠨᠴᠠᠯᠢᠭ ᠲᠠᠢ ᠰᠣᠶᠣᠯ ᠵᠢᠭᠤᠯᠴᠢᠯᠠᠯ ᠤᠨ | ᠲᠦᠷᠦᠯ ᠲᠡᠮᠳᠡᠭ ᠢ ᠡᠭᠦᠳᠴᠦ᠂ ᠰᠣᠶᠣᠯ ᠵᠢᠭᠤᠯᠴᠢᠯᠠᠯ ᠬᠠᠮᠲᠤᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ | ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠦᠭᠵᠢᠯᠲᠡ ᠶᠢ ᠪᠠᠷᠢᠮᠲᠠᠯᠠᠵᠤ᠂ ᠵᠢᠭᠤᠯᠴᠢᠯᠠᠯ ᠤᠨ | ᠡᠬᠢ ᠪᠠᠶᠠᠯᠢᠭ ᠪᠤᠯᠤᠨ ᠪᠠᠶᠢᠭᠠᠯᠢ ᠶᠢᠨ ᠡᠬᠢ ᠪᠠᠶᠠᠯᠢᠭ ᠢ ᠵᠦᠢ ᠵᠤᠬᠢᠰᠲᠠᠢ ᠠᠰᠢᠭᠯᠠᠬᠤ ᠶᠢ ᠪᠡᠶᠡᠯᠡᠭᠦᠯᠬᠦ ᠬᠡᠷᠡᠭᠲᠡᠢ | ᠭᠡᠵᠡᠢ᠃ |