| | 3 ᠰᠠᠷ᠎ᠠ ᠶᠢᠨ 18 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ | ᠮᠠ ᠶᠦᠩ ᠭᠠᠩ 2025 ᠣᠨ ᠤ ᠬᠤᠰᠢᠭᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠤᠯᠤᠨ ᠳᠡᠭᠡᠳᠦ ᠱᠠᠲᠤᠨ ᠤ ᠬᠠᠮᠢᠶ᠎ᠠ ᠪᠥᠬᠦᠶ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠳᠤ | ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠡᠯ᠎ᠡ ᠳᠡᠳ᠋ ᠬᠤᠰᠢᠭᠤᠨ ᠳᠠᠷᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠲᠠᠷᠢᠶᠠᠯᠠᠩ᠂ ᠬᠦᠳᠡᠭᠡ ᠲᠤᠰᠬᠤᠨ᠂ ᠲᠠᠷᠢᠶᠠᠴᠢᠨ︾ ᠤ | ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠲᠠᠷᠢᠶᠠᠯᠠᠩ ᠮᠠᠯ | ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠪᠣᠯᠤᠨ᠋ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ᠃ ᠬᠤᠰᠢᠭᠤᠨ ᠨᠠᠮ ᠤᠨ | ᠬᠤᠷᠢᠶ᠎ᠠ ᠶᠢᠨ ︽ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠬᠦ︾ ᠶᠡᠷᠦᠩᠬᠡᠶ ᠰᠡᠳᠭᠢᠮᠵᠢ ᠳᠤ ᠠᠩᠬᠠᠷᠤᠯ ᠢᠶᠠᠨ | ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ | ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠣᠩᠨᠢᠭᠤᠳ ᠬᠤᠰᠢᠭᠤᠨ ᠤ | ᠤᠨᠴᠠᠯᠢᠭᠲᠤ ᠳᠠᠪᠠᠭᠤᠯᠢᠭ ᠠᠵᠤ ᠦᠢᠯᠡᠰ ᠢ ᠪᠣᠶ ᠪᠣᠯᠭᠠᠬᠤ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠣᠷᠣᠯᠭ᠎ᠠ ᠶᠢ ᠪᠥᠬᠦ ᠬᠦᠴᠦᠨ ᠢᠶᠠᠷ ᠢᠶᠠᠨ | ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ᠂ ᠰᠠᠭᠤᠭᠠᠯᠢ ᠤᠷᠴᠢᠨ ᠤ | ᠴᠡᠭᠴᠡᠯᠡᠯᠲᠡ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠬᠡᠪ | ᠰᠤᠷᠲᠠᠯ ᠤᠨ ᠵᠠᠰᠠᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠦᠯᠦᠪᠵᠢᠭᠦᠯᠦᠨ ᠰᠠᠶᠢᠲᠤᠷ ᠬᠢᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ | ᠭᠡᠵᠡᠢ᠃ | ᠬᠤᠷᠠᠯ ᠠᠴᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ | ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ | ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠂ ᠦᠷ᠎ᠡ ᠠᠰᠢᠭ ᠢ ᠨᠢ ᠲᠦᠷᠭᠡᠨ ᠪᠠᠳᠠᠷᠠᠭᠤᠯᠬᠤ ᠬᠡᠷᠡᠭᠲᠡᠢ | ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠳᠬᠠᠵᠤ᠂ ᠴᠢᠨᠠᠷ ᠰᠠᠶᠢᠲᠠᠢ᠂ ᠲᠥᠪ | ᠭᠤᠣᠯᠴᠢ᠂ ᠥᠨᠳᠥᠷ ᠪᠦᠲᠦᠮᠵᠢᠲᠡᠢ᠂ ᠦᠨᠡᠨᠴᠢ ᠢᠲᠡᠭᠡᠮᠵᠢᠲᠡᠢ᠂ ᠬᠠᠤᠯᠢᠵᠢᠭᠰᠠᠨ ᠡᠵᠡᠩᠨᠡᠯᠲᠡ ᠶᠢᠨ ᠣᠷᠴᠢᠨ ᠢ | ᠪᠦᠬᠦ ᠬᠦᠴᠦᠨ ᠢᠶᠠᠷ ᠢᠶᠠᠨ ᠬᠦᠮᠦᠵᠢᠭᠦᠯᠦᠨ᠂ ᠠᠷᠠᠯᠵᠢᠶ᠎ᠠ ᠶᠢ ᠬᠦᠨᠳᠦᠳᠬᠡᠬᠦ᠂ ᠠᠷᠠᠯᠵᠢᠶ᠎ᠠ ᠶᠢ ᠬᠠᠮᠠᠭᠠᠯᠠᠬᠤ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃ | ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠳ᠋ᠦᠩ ᠵᠢᠦ ᠪᠢᠩ᠂ ᠴᠠᠭᠠᠨᠪᠠᠭᠠᠲᠤᠷ᠂ ᠳ᠋ᠠᠢ ᠢᠦᠢ ᠬᠤᠸᠠ᠂ | ᠯᠢ ᠬᠤᠢ᠂ ᠸᠠᠩ ᠶᠦᠩ ᠯᠢ᠂ ᠲᠤᠪᠳᠤᠨᠰᠡᠩᠭᠡ᠂ ᠵᠠᠩ ᠴᠢᠶᠠᠩ ᠬᠤᠷᠠᠯ ᠳᠤ ᠣᠷᠣᠯᠴᠠᠪᠠ᠃ | |