| 3 ᠰᠠᠷ᠎ᠠ ᠶᠢᠨ 19 ᠤ ᠡᠳᠦᠷ᠂ ᠤᠯᠠᠭᠠᠨᠬᠠᠳᠠ ᠬᠤᠳᠠ ᠶᠢᠨ ᠹᠦᠵᠢᠶᠠᠨ ᠠᠷᠠᠯᠵᠢᠶᠠᠴᠢᠳ ᠤᠨ ᠡᠪᠯᠡᠯ ᠤᠨ | ᠳᠠᠷᠤᠭ᠎ᠠ᠂ ᠥᠪᠥᠷ ᠮᠣᠩᠭᠤᠯ ᠤᠨ ᠵᠥᠩ ᠰᠢᠶᠠ ︵中厦︶ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ | ᠾᠧ ᠶᠢᠨ ᠬᠤᠩ ︵何金洪︶ ᠮᠠᠨ ᠤ ᠬᠤᠰᠢᠭᠤᠨ ᠳᠤ ᠢᠷᠡᠵᠦ ᠤᠨᠴᠠᠯᠢᠬᠳᠤ ᠠᠷᠠᠯᠵᠢᠶᠠᠨ ᠤ | ᠲᠣᠭᠤᠷᠢᠭ ᠤᠨ ᠭᠠᠵᠠᠷ ᠰᠤᠩᠭᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠮᠠ ᠶᠦᠩ ᠭᠠᠩ᠂ | ᠸᠠᠩ ᠵᠢᠶᠦ᠋ᠨ ᠵᠢᠶᠦ᠋ᠨ᠂ ᠳᠤᠪᠳᠤᠨᠰᠡᠩᠭᠡ ᠪᠠᠷ᠎ᠠ ᠪᠣᠯᠵᠣ ᠪᠠᠶᠢᠴᠠᠭᠠᠵᠠᠢ᠃ | ᠪᠠᠶᠢᠴᠠᠭᠠᠨ ᠰᠤᠳᠤᠯᠬᠤ ᠪᠦᠯᠬᠦᠮ ᠤᠨ ᠬᠢᠨ ᠤᠷᠢᠳ ᠬᠤᠵᠢᠳ ᠭᠠᠯᠲᠤ ᠲᠡᠷᠭᠡᠨ ᠥᠷᠲᠡᠭᠡᠨ ᠤ ᠡᠮᠦᠨᠡᠬᠢ | ᠠᠭᠤᠳᠠᠮ ᠲᠠᠯᠠᠪᠠᠢ᠂ ᠶᠢᠨ ᠶᠤᠸᠠᠨ ᠭᠦᠸᠤ ᠵᠣᠴᠢᠳ ᠤᠨ ᠪᠠᠭᠤᠳᠠᠯ᠂ ᠬᠤᠩ ᠱᠠᠨ ᠵᠠᠮ᠂ ᠰᠢᠨᠬᠤᠸᠠ ᠵᠡᠭᠡᠯᠢ᠂ ᠬᠠᠰ | ᠯᠤᠤ ᠠᠵᠤ ᠦᠢᠯᠡᠳᠪᠦᠷᠢ ᠶᠢᠨ ᠲᠣᠭᠤᠷᠢᠭ ᠵᠡᠷᠭᠡ ᠭᠠᠵᠠᠷ ᠤᠳ ᠲᠤ ᠬᠦᠷᠴᠦ᠂ ᠡᠯ᠎ᠡ ᠣᠷᠣᠨ ᠪᠦᠰᠡ ᠶᠢᠨ ᠭᠠᠵᠠᠷ | ᠵᠦᠢ ᠶᠢᠨ ᠪᠠᠶᠢᠷᠢᠰᠢᠯ᠂ ᠵᠠᠮ ᠬᠠᠷᠢᠯᠴᠠᠭ᠎ᠠ᠂ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠲᠠᠯ᠎ᠠ ᠪᠠᠷ ᠨᠠᠷᠢᠯᠢᠭ | ᠪᠠᠶᠢᠴᠠᠭᠠᠨ ᠤᠶᠢᠯᠠᠭᠠᠭᠰᠠᠨ ᠪᠠᠶᠢᠨ᠎ᠠ᠃ | ᠪᠠᠶᠢᠴᠠᠭᠠᠨ ᠰᠤᠳᠤᠯᠤᠯᠲᠠ ᠶᠢᠨ ᠳᠠᠷᠠᠭ᠎ᠠ ᠰᠠᠭᠤᠳᠠᠯ ᠤᠨ ᠬᠤᠷᠠᠯ ᠳᠡᠭᠡᠷ᠎ᠡ ᠮᠠ ᠶᠦᠩ ᠭᠠᠩ ᠠᠴᠠ ᠪᠠᠶ᠊ | ᠪᠠᠶᠢᠴᠠᠭᠠᠬᠤ ᠪᠦᠯᠬᠦᠮ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠭᠰᠡᠨ ᠤ ᠬᠠᠮᠲᠤ ᠣᠩᠨᠢᠭᠤᠳ | ᠬᠤᠰᠢᠭᠤ ᠨᠢ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠪᠣᠯᠤᠨ ᠠᠵᠤ ᠦᠢᠯᠡᠰ ᠤᠨ ᠰᠠᠭᠤᠷᠢ ᠲᠠᠢ ᠪᠠᠶᠢᠵᠤ᠂ | ᠤᠨᠴᠠᠯᠢᠬᠳᠤ ᠠᠷᠠᠯᠵᠢᠶᠠᠨ ᠤ ᠲᠣᠭᠤᠷᠢᠭ ᠤᠨ ᠪᠦᠳᠦᠭᠡᠨ ᠪᠠᠶᠢᠭᠤᠯᠤᠯᠲᠠ ᠨᠢ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠳᠤ ᠮᠠᠰᠢ ᠶᠡᠭᠡ ᠳᠦᠯᠬᠢᠴᠡ ᠦᠢᠯᠡᠳᠦᠯ ᠦᠵᠡᠭᠦᠯᠬᠦ ᠨᠢ ᠯᠠᠪᠲᠠᠢ ᠶᠤᠮ᠂ ᠬᠤᠶᠠᠷ ᠲᠠᠯ᠎ᠠ ᠪᠠᠷ ᠢᠶᠠᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠡᠷᠮᠢᠴᠡ ᠣᠨᠴᠠᠯᠢᠭ ᠲᠠᠢ ᠮᠦᠷᠲᠡᠭᠡᠨ ᠦᠷᠢᠰᠦᠯᠳᠦᠬᠦ ᠬᠦᠴᠦᠨ ᠲᠠᠢ | ᠠᠷᠠᠯᠵᠢᠶᠠᠨ ᠤ ᠲᠦᠷᠦᠯ ᠵᠦᠢᠯ ᠢ ᠬᠠᠮᠲᠤᠪᠠᠷ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠾᠧ ᠶᠢᠨ ᠬᠤᠩ ︵何金洪︶ ᠢᠯᠡᠷᠬᠡᠶᠢᠯᠡᠭᠰᠡᠨ ᠨᠢ᠂ ᠲᠣᠰ ᠤᠳᠠᠭᠠᠨ ᠤ ᠪᠠᠶᠢᠴᠠᠭᠠᠨ | ᠰᠤᠳᠤᠯᠤᠯᠲᠠ ᠪᠠᠷ ᠳᠡᠮᠵᠢᠨ᠂ ᠣᠩᠨᠢᠭᠤᠳ ᠬᠤᠰᠢᠭᠤ ᠲᠠᠢ ᠣᠷᠳᠣ ᠬᠤᠭᠤᠴᠠᠭᠠᠨ ᠤ ᠬᠠᠮᠲᠤᠷᠠᠯᠴᠠᠭᠠᠨ ᠤ | ᠬᠠᠷᠢᠴᠠᠭ᠎ᠠ ᠪᠠᠶᠢᠭᠤᠯᠵᠤ᠂ ᠠᠷᠠᠯᠵᠢᠶᠠᠴᠢᠳ ᠤᠨ ᠡᠪᠯᠡᠯ ᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ | ᠠᠬᠤᠶᠢᠯᠠᠯ ᠤᠨ ᠲᠤᠰᠬᠠᠶ ᠮᠡᠷᠭᠡᠵᠢᠯ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠤᠨ᠂ ᠤᠨᠴᠠᠯᠢᠭᠳᠤ ᠠᠷᠠᠯᠵᠢᠶᠠᠨ ᠤ | ᠲᠣᠭᠤᠷᠢᠭ ᠤᠨ ᠪᠥᠲᠥᠭᠡᠨ ᠪᠠᠶᠢᠭᠤᠯᠤᠯᠲᠠ ᠪᠤᠯᠤᠨ ᠠᠷᠠᠯᠵᠢᠶᠠᠨ ᠤ ᠭᠠᠵᠠᠷ ᠤᠨ ᠨᠡᠭᠡᠭᠡᠯᠲᠡ ᠵᠡᠷᠭᠡ ᠬᠦᠷᠢᠶᠡᠨ ᠳᠤ | ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠶ᠃ | |