ᠬᠤᠰᠢᠭᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/26
      3 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠭᠠᠵᠠᠷ ᠨᠤᠲᠤᠭ ᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠬᠤᠰᠢᠭᠤᠨ ᠳᠠᠷᠤᠭ᠎ᠠ ᠮᠠ ᠶᠦᠩ ᠭᠠᠩ ᠬᠤᠷᠠᠯ ᠢ ᠡᠷᠬᠢᠯᠡᠵᠡᠢ᠃      ᠬᠤᠷᠠᠯ ᠠᠴᠠ᠂ ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠤᠭᠤᠴᠠᠭ᠎ᠠ ᠪᠣᠯᠬᠤ ᠪᠥᠭᠡᠳ ᠪᠠᠰᠠ ᠴᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠴᠤᠩᠬᠤᠪᠴᠢ ᠶᠢᠨ ᠬᠤᠭᠤᠴᠠᠭ᠎ᠠ ᠪᠣᠯᠤᠨ᠎ᠠ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠭᠠᠵᠠᠷ ᠨᠤᠲᠤᠭ ᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠵᠠᠪᠠᠯ ᠪᠠᠲᠤᠯᠠᠬᠤ ᠬᠡᠷᠡᠭᠲᠡᠢ᠃ ᠭᠠᠵᠠᠷ ᠨᠤᠲᠤᠭ ᠤᠨ ᠳᠠᠭᠠᠭᠠᠴᠢᠯᠠᠯᠲᠠ ᠶᠢᠨ ᠣᠳᠣᠬᠢ ᠪᠠᠶᠢᠳᠠᠯ ᠢ ᠲᠣᠳᠣᠷᠬᠠᠶ ᠣᠶᠢᠯᠠᠭᠠᠵᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠠᠭᠠᠭᠠᠴᠢᠯᠠᠭᠰᠠᠨ ᠭᠠᠵᠠᠷ ᠤᠨ ᠡᠵᠡᠩᠨᠡᠬᠦ ᠡᠷᠬᠡ ᠶᠢᠨ ᠮᠠᠷᠭᠤᠯᠳᠤᠭᠠᠨ ᠵᠡᠷᠭᠡ ᠡᠯ᠎ᠡ ᠲᠥᠷᠥᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠠᠵᠠᠷ ᠨᠤᠲᠤᠭ ᠤᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠤᠷᠤᠭᠰᠢᠲᠠᠶ᠂ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃     ᠬᠤᠷᠠᠯ ᠠᠴᠠ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠰᠠᠶᠢᠲᠤᠷ ᠠᠳᠬᠤᠬᠤ ᠶᠢ ᠣᠳᠣᠬᠠᠨ ᠤ ᠪᠠᠴᠢᠮ ᠡᠭᠦᠷᠭᠡ ᠪᠣᠯᠭᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠤᠭᠲᠠᠪᠤᠷᠢᠵᠢᠭᠤᠯᠤᠨ᠂ ᠲᠠᠷᠢᠶᠠᠯᠠᠩ ᠤᠨ ᠮᠠᠰᠢᠨ ᠤ ᠪᠠᠲᠤᠯᠠᠭ᠎ᠠ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠭᠤᠣᠯ ᠮᠥᠷᠡᠨ᠂ ᠨᠠᠭᠤᠷ ᠴᠥᠭᠦᠷᠥᠮ ᠤᠨ ᠳᠠᠷᠤᠭ᠎ᠠ᠂ ᠤᠢ ᠰᠢᠭᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠳᠬᠠᠨ᠂ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠬᠡᠷᠡᠭᠲᠡᠢ᠃ ᠲᠠᠷᠢᠶᠠᠯᠠᠩ ᠤᠨ ᠤᠰᠤ ᠠᠷᠪᠢᠯᠠᠬᠤ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤᠨ ᠤ ᠡᠬᠢ ᠪᠠᠶᠠᠯᠢᠭ ᠢ ᠡᠷᠴᠢᠮᠲᠡᠢ ᠠᠰᠢᠭᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠥᠭᠵᠢᠯᠲᠦ᠂ ᠰᠦᠨ ᠮᠢᠩ ᠲᠤᠤ᠂ ᠭᠤᠤ ᠶᠦᠩ ᠡᠦ᠂ ᠸᠠᠩ ᠵᠢᠶᠦ᠋ᠨ ᠵᠢᠶᠦ᠋ᠨ᠂ ᠵᠦ ᠴᠦᠨ ᠶᠦᠩ᠂ ᠴᠠᠭᠠᠨᠪᠠᠭᠠᠲᠤᠷ᠂ ᠳ᠋ᠠᠢ ᠢᠦᠢ ᠬᠤᠸᠠ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号