ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠶᠡᠭᠡ ᠭᠦᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/26
      3 ᠰᠠᠷ᠎ᠠ ᠶᠢᠨ 19 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠶᠡᠭᠡ ᠭᠦᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠤᠯᠤᠰ ᠲᠥᠷᠥ ᠶᠢᠨ ᠵᠥᠪᠯᠡᠯᠭᠡᠨ᠂ ᠪᠠᠶᠢᠴᠠᠭᠠᠬᠤ ᠬᠤᠷᠢᠶ᠎ᠠ ᠬᠠᠮᠲᠤᠷᠠᠭᠰᠠᠨ ᠬᠢᠨᠠᠯᠲᠠ ᠲᠠᠯᠪᠢᠬᠤ ᠲᠣᠭᠲᠠᠴᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠤᠯᠤᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠬᠠᠷᠢᠯᠴᠠᠨ ᠠᠭᠤᠰᠤᠯᠴᠠᠭᠤᠯᠬᠤ ᠪᠠᠷ ᠳᠠᠮᠵᠢᠨ᠂ ᠪᠥᠬᠦ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠡᠢ᠃      ᠬᠥᠭᠵᠢᠯᠲᠦ ᠨᠠᠷ ᠤᠷᠢᠳ ᠬᠤᠵᠢᠳ ᠳᠡᠩᠨᠡᠬᠦᠷ ᠭᠤᠣᠯ ᠤᠨ ᠮᠠᠯᠵᠢᠯ ᠤᠨ ᠲᠠᠯᠠᠪᠠᠢ᠂ ᠶᠡᠭᠡ ᠭᠦᠩ ᠤᠨ ᠬᠡᠰᠡᠭ ᠲᠠᠬᠢ ᠴᠦᠨᠳᠦᠪ ᠤᠨ ᠭᠤᠤᠯ ᠪᠤᠯᠤᠨ ᠳ᠋ᠠ ᠳ᠋ᠦᠩ ᠭᠸᠤ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠲᠤᠭᠤᠷᠢᠭ ᠵᠡᠷᠭᠡ ᠭᠠᠵᠠᠷ ᠤᠳ ᠲᠤ ᠬᠦᠷᠴᠦ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ᠂ ᠴᠦᠨᠳᠦᠪ ᠤᠨ ᠭᠤᠤᠯ ᠤᠨ ᠡᠬᠢ ᠡᠭᠦᠰᠦᠯ ᠢ ᠵᠠᠰᠠᠵᠤ ᠰᠡᠷᠭᠦᠭᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠤᠯᠤᠨ ᠬᠠᠮᠢᠶᠠᠷᠤᠯᠲᠠ ᠵᠡᠷᠭᠡ ᠪᠠᠶᠢᠳᠠᠯ ᠢ ᠪᠠᠶᠢᠴᠠᠭᠠᠨ ᠰᠤᠳᠤᠯᠤᠭᠰᠠᠨ ᠤ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠪᠠ᠃      ᠬᠥᠭᠵᠢᠯᠲᠦ ᠵᠢᠭᠠᠵᠤ ᠭᠠᠷᠭᠠᠭᠰᠠᠨ ᠨᠢ᠂ ᠲᠡᠩᠨᠡᠭᠦᠷ ᠤᠨ ᠭᠤᠣᠯ ᠤᠨ ᠲᠠᠯ᠎ᠠ ᠨᠤᠲᠤᠭ ᠪᠣᠯᠤᠨ ᠴᠦᠨᠳᠦᠪ ᠤᠨ ᠭᠤᠤᠯ ᠤᠨ ᠰᠠᠪᠠ ᠭᠠᠵᠠᠷ ᠨᠢ ᠣᠩᠨᠢᠭᠤᠳ ᠬᠤᠰᠢᠭᠤᠨ ᠤ ᠴᠢᠬᠤᠯᠠ ᠠᠮᠢ ᠠᠬᠤᠢ ᠶᠢᠨ ᠰᠢᠰᠲ᠋ᠧᠮ ᠪᠣᠯᠤᠭᠰᠠᠨ ᠤ ᠬᠤᠪᠢ ᠳᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠴᠢᠬᠤᠯᠠ ᠠᠮᠢ ᠠᠬᠤᠢ ᠶᠢᠨ ᠴᠢᠳᠠᠮᠵᠢ ᠶᠢ ᠡᠭᠦᠷᠭᠡᠯᠡᠵᠦ ᠪᠠᠶᠢᠳᠠᠭ᠃ ᠥᠷᠭᠡᠨ ᠤᠯᠠᠨ ᠺᠠᠳ᠋ᠷ ᠤᠯᠠᠨ ᠲᠦᠮᠡᠨ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠠᠮᠢ ᠠᠬᠤᠢ ᠶᠢᠨ ᠪᠣᠯᠪᠠᠰᠤᠨ ᠤ ᠤᠢᠢᠯᠠᠭᠠᠭᠳᠠᠬᠤᠨ ᠢ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ︾ ᠪᠠ ︽ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠬᠡ ᠪᠠᠶᠢᠭᠠᠯᠢ ᠶᠢᠨ ᠠᠮᠢᠵᠢᠷᠠᠯ ᠤᠨ ᠬᠦᠴᠦᠨ ᠢ ᠰᠡᠷᠭᠦᠭᠡᠬᠦ ᠬᠡᠷᠡᠭᠲᠡᠢ ᠭᠡᠵᠡᠢ᠃      ᠬᠦᠭᠵᠢᠯᠲᠦ ᠱᠠᠭᠠᠷᠳᠠᠭᠰᠠᠨ ᠨᠢ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠪᠤᠬᠢᠷᠳᠠᠯ ᠢ ᠴᠡᠪᠡᠷᠯᠡᠬᠦ︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ︽ᠠᠮᠤ ᠪᠤᠳᠠᠭᠠᠨ ᠤ ᠠᠮᠤᠷ ᠲᠦᠪᠰᠢᠨ︾ ᠢ ᠪᠠᠲᠤ ᠴᠡᠭᠡᠵᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠨ ᠭᠠᠵᠠᠷ ᠤᠨ ᠦᠷ᠎ᠡ ᠠᠰᠢᠭ ᠢ ᠤᠷᠳᠤ ᠬᠤᠭᠤᠴᠠᠭ᠎ᠠ ᠪᠠᠷ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠶᠢᠨᠪᠠᠲᠤ᠂ ᠬᠤᠰᠢᠭᠤᠨ ᠤ ᠪᠠᠶᠢᠴᠠᠭᠠᠬᠤ ᠬᠤᠷᠢᠶᠠᠨ ᠤ ᠳᠠᠷᠤᠭ᠎ᠠ ᠵᠠᠩ ᠯᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号