︽ᠬᠠᠪᠤᠷ ᠡᠯᠡᠰᠦ ᠶᠢ ᠲᠤᠭᠤᠯᠬᠤ · ᠤᠯᠠᠭᠠᠨᠬᠠᠳᠠ ᠶᠢᠨ ᠬᠠᠰ ᠯᠤᠤ ᠡᠯᠡᠰᠦᠨ ᠨᠠᠭᠤᠷ ᠤᠨ ᠡᠯᠡᠰᠥ ᠮᠠᠩᠬᠠᠨ ᠳᠤ ᠬᠡᠭᠡᠷᠡᠯᠡᠨ ᠳᠠᠪᠬᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ︾  ᠬᠤᠭᠤᠴᠠᠭᠠᠨ ᠳᠤ  ᠬᠡᠰᠡᠭ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ  ᠬᠡᠷᠡᠭᠵᠢᠭᠦᠯᠬᠦ ᠵᠠᠷᠯᠠᠯ
ᠨᠡᠶᠢᠲᠡᠯᠡᠭᠰᠡᠨ ᠴᠠᠭ᠄
2025/3/28
      ︽ᠬᠠᠪᠤᠷ ᠡᠯᠡᠰᠦ ᠶᠢ ᠲᠤᠭᠤᠯᠬᠤ · ᠤᠯᠠᠭᠠᠨᠬᠠᠳᠠ ᠶᠢᠨ ᠬᠠᠰ ᠯᠤᠤ ᠡᠯᠡᠰᠦᠨ ᠨᠠᠭᠤᠷ ᠤᠨ ᠡᠯᠡᠰᠥ ᠮᠠᠩᠬᠠᠨ  ᠳᠤ ᠬᠡᠭᠡᠷᠡᠯᠡᠨ ᠳᠠᠪᠬᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ︾ ᠤ ᠬᠦᠳᠡᠯᠭᠡᠭᠡᠨ ᠨᠢ 2025 ᠣᠨ ᠤ 3 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ ᠪᠣᠷᠣᠬᠤᠲᠠ ᠪᠠᠯᠭᠠᠰᠤᠨ ᠤ ᠭᠠᠯᠲᠤ ᠲᠡᠷᠭᠡᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠶ ︵ᠰᠢᠨᠬᠤᠸᠠ ᠵᠡᠭᠡᠯᠢ ᠬᠢᠭᠡᠳ ᠬᠠᠰ ᠯᠤᠤ ᠵᠠᠮ ᠤᠨ ᠠᠭᠤᠯᠵᠠᠷ ᠤᠨ ᠪᠠᠷᠠᠭᠤᠨ ᠲᠠᠯ᠎ᠠ︶ ᠳᠤ ᠲᠡᠷᠭᠡ ᠬᠦᠳᠡᠯᠭᠡᠬᠦ ᠶᠣᠰᠣᠯᠠᠯ ᠶᠠᠪᠤᠭᠤᠯᠵᠤ᠂ ᠬᠤᠲᠠ ᠶᠢᠨ ᠲᠣᠭᠤᠷᠢᠭ ᠤᠨ ᠬᠡᠰᠡᠭ ᠵᠠᠮ ᠤᠨ ᠬᠡᠰᠡᠭ ᠲᠤ ᠲᠣᠭᠤᠷᠢᠨ ᠵᠤᠭᠠᠴᠠᠬᠤ ᠪᠣᠯᠤᠨ᠎ᠠ᠃  ᠬᠦᠳᠡᠯᠭᠡᠭᠡᠨ ᠤ ᠬᠤᠭᠤᠴᠠᠭᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠬᠦᠳᠡᠯᠭᠡᠭᠡᠨ ᠤ ᠤᠷᠤᠭᠰᠢᠲᠠᠶ ᠶᠠᠪᠤᠭᠳᠠᠬᠤ ᠶᠢ  ᠦᠨᠡᠨᠬᠦ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠣᠩᠨᠢᠭᠤᠳ ᠬᠤᠰᠢᠭᠤᠨ ᠤ ᠪᠣᠷᠣᠬᠤᠲᠠ ᠶᠢᠨ ᠲᠣᠭᠤᠷᠢᠭ᠂ ᠪᠣᠷᠣᠬᠤᠲᠠ ᠠᠴᠠ ᠤᠳᠠᠨᠲᠤᠬᠤᠢ ᠵᠠᠰᠠᠮᠠᠯ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠲᠦᠷ ᠴᠠᠭ ᠤᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠃ ᠡᠳᠦᠭᠡ ᠳᠣᠤᠷᠠᠬᠢ ᠮᠡᠲᠦ ᠵᠠᠷᠯᠠᠶ᠎ᠠ᠄      ᠨᠢᠭᠡ᠂ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠬᠤᠭᠤᠴᠠᠭ᠎ᠠ      2025 ᠣᠨ ᠤ 3 ᠰᠠᠷ᠎ᠠ ᠶᠢᠨ 29 ᠤ ᠡᠳᠦᠷ ᠤᠨ 8 ᠴᠠᠭ ᠠᠴᠠ ᠬᠦᠳᠡᠯᠭᠡᠭᠡᠨ ᠲᠠᠭᠤᠰᠲᠠᠯ᠎ᠠ ︵ ᠪᠠᠷᠤᠭ 11 ᠴᠠᠭ ᠤᠨ  ᠦᠶ᠎ᠡ︶      ᠬᠤᠶᠠᠷ᠂ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠵᠠᠮ ᠤᠨ ᠬᠡᠰᠡᠭ      1᠂ ᠰᠢᠨᠬᠤᠸᠠ ᠵᠡᠭᠡᠯᠢ  ᠤᠨ ᠵᠠᠬᠢᠷᠤᠨ ᠬᠠᠮᠢᠶᠠᠷᠬᠤ ᠬᠡᠰᠡᠭ᠄ ᠬᠠᠰ ᠯᠤᠤ ᠵᠠᠮ ᠠᠴᠠ ᠯᠢᠦ ᠯᠢᠨ ᠵᠠᠮ ᠬᠦᠷᠬᠦ ᠬᠡᠰᠡᠭ      2᠂ ᠴᠢᠩ ᠴᠢᠤᠸᠠᠨ ᠵᠠᠮ ᠤᠨ ᠵᠠᠬᠢᠷᠤᠨ ᠬᠠᠮᠢᠶᠠᠷᠬᠤ ᠬᠡᠰᠡᠭ᠄ ᠰᠢᠶᠠᠩ ᠶᠠᠩ ᠵᠡᠭᠡᠯᠢ ᠠᠴᠠ ᠬᠤᠶᠢᠲᠤ ᠲᠣᠭᠤᠷᠢᠯ ᠵᠠᠮ      3᠂ ᠬᠤᠩᠱᠠᠨ ᠵᠠᠮ ᠤᠨ ᠵᠠᠬᠢᠷᠤᠨ ᠬᠠᠮᠢᠶᠠᠷᠬᠤ ᠬᠡᠰᠡᠭ᠄ ᠰᠢᠶᠠᠩ ᠶᠠᠩ ᠵᠡᠭᠡᠯᠢ ᠠᠴᠠ ᠬᠤᠶᠢᠲᠤ ᠲᠣᠭᠤᠷᠢᠯ ᠵᠠᠮ      4᠂ ᠪᠣᠷᠣᠬᠤᠲᠠ ᠠᠴᠠ ᠤᠳᠠᠨᠲᠤᠬᠤᠢ ᠵᠠᠰᠠᠮᠠᠯ ᠵᠠᠮ ᠤᠨ ᠵᠠᠬᠢᠷᠤᠨ ᠬᠠᠮᠢᠶᠠᠷᠬᠤ ᠬᠡᠰᠡᠭ᠄ 0KM ︵ᠪᠣᠷᠣᠬᠤᠲᠠ ᠠᠴᠠ ᠤᠳᠠᠨᠲᠤᠬᠤᠢ ᠬᠦᠷᠬᠦ ᠵᠠᠰᠠᠮᠠᠯ ᠵᠠᠮ ᠬᠢᠭᠡᠳ S304 ᠱᠤᠭᠤᠮ ᠤᠨ ᠠᠭᠤᠯᠵᠠᠷ ᠬᠡᠰᠡᠭ︶ ᠠᠴᠠ 16KM ︵ᠪᠣᠷᠣᠬᠤᠲᠠ ᠠᠴᠠ ᠤᠳᠠᠨᠲᠤᠬᠤᠢ ᠬᠦᠷᠬᠦ ᠵᠠᠰᠠᠮᠠᠯ ᠵᠠᠮ ᠬᠢᠭᠡᠳ C185 ᠱᠤᠭᠤᠮ ᠤᠨ ᠠᠭᠤᠯᠵᠠᠷ ᠬᠡᠰᠡᠭ︶      ᠭᠤᠷᠪᠠ᠂ ᠣᠨᠴᠠᠭᠠᠶᠢᠯᠠᠨ ᠰᠠᠨᠠᠭᠤᠯᠬᠤ   ᠨᠢ      ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠬᠤᠭᠤᠴᠠᠭᠠᠨ ᠳᠤ᠂ ᠪᠦᠬᠦᠢ ᠨᠡᠶᠢᠭᠡᠮ ᠤᠨ ᠲᠡᠷᠭᠡ ᠬᠥᠰᠬᠡ ᠵᠢᠴᠢ ᠶᠠᠪᠠᠭᠠᠨ ᠬᠥᠮᠦᠨ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠵᠠᠮ ᠤᠨ ᠬᠡᠰᠡᠭ ᠲᠤ ᠣᠷᠣᠵᠤ ᠭᠠᠷᠬᠤ ᠶᠢ ᠣᠨᠴᠠᠭᠠᠶᠢᠯᠠᠨ ᠴᠠᠭᠠᠵᠠᠯᠠᠨ᠎ᠠ᠂ ᠥᠷᠭᠡᠨ ᠤᠯᠠᠨ ᠵᠠᠮ ᠬᠠᠷᠢᠯᠴᠠᠭᠠᠨ ᠤ ᠣᠷᠣᠯᠴᠠᠭᠴᠢ ᠭᠠᠳᠠᠭᠰᠢ ᠭᠠᠷᠬᠤ ᠵᠠᠮ ᠱᠤᠭᠤᠮ ᠢᠶᠠᠨ ᠤᠷᠢᠳᠴᠢᠯᠠᠨ ᠲᠥᠯᠥᠪᠯᠡᠭᠡᠷᠡᠢ᠃ ᠵᠠᠬᠢᠷᠤᠨ ᠬᠠᠮᠢᠶᠠᠷᠬᠤ ᠵᠠᠮ ᠢᠶᠠᠷ ᠥᠩᠭᠡᠷᠡᠬᠦ ᠲᠡᠷᠭᠡ ᠬᠥᠰᠬᠡ᠂ ᠶᠠᠪᠠᠭᠠᠨ ᠬᠥᠮᠦᠨ ᠲᠤᠬᠠᠶ ᠶᠢᠨ ᠲᠠᠯᠠᠪᠤᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠳᠠᠭᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                            ᠡᠭᠦᠨ ᠤ ᠲᠤᠯᠠ ᠣᠨᠴᠠᠭᠠᠶᠢᠯᠠᠨ ᠵᠠᠷᠯᠠᠪᠠ                                               ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                          ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ  ᠠᠩᠭᠢ                                           2025 ᠣᠨ ᠤ 3 ᠰᠠᠷ᠎ᠠ ᠶᠢᠨ 27 ᠤ ᠡᠳᠦᠷ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号