| ᠣᠶᠢᠷ᠎ᠠ ᠳᠤ᠂ ᠣᠩᠨᠢᠭᠤᠳ ᠬᠤᠰᠢᠭᠤᠨ ᠤ ᠢᠤᠢ ᠯᠦᠩ ᠲᠠᠷᠢᠶᠠᠨ ᠦᠷ᠎ᠡ ᠶᠢᠨ ᠬᠢᠵᠠᠭᠠᠷᠲᠤ ᠺᠣᠮᠫᠠᠨᠢ ᠶᠢᠨ | ᠪᠤᠶᠢᠵᠢᠭᠤᠯᠤᠭᠰᠠᠨ ︽ᠢᠤᠢ ᠯᠦᠩ 801︾ ᠡᠷᠳᠡᠨᠢ ᠰᠢᠰᠢ ᠶᠢᠨ ᠰᠢᠨ᠎ᠡ ᠡᠭᠦᠯᠳᠡᠷ ᠨᠢ 2025 ᠣᠨ ᠤ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠡᠭᠦᠯᠳᠡᠷ ᠢ ᠰᠤᠳᠤᠯᠤᠨ ᠳᠡᠯᠭᠡᠷᠡᠭᠦᠯᠬᠦ ᠬᠢᠨᠠᠨ ᠰᠢᠯᠭᠠᠯᠲᠠ ᠶᠢ | ᠠᠮᠵᠢᠯᠲᠠ ᠲᠠᠢ ᠥᠩᠭᠡᠷᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠴᠢᠬᠤᠯᠠ ᠶᠡᠭᠡ | ᠡᠭᠦᠯᠳᠡᠷ ᠢᠶᠠᠷ ᠰᠣᠩᠭᠤᠭᠳᠠᠪᠠ᠃ | ᠴᠢᠬᠤᠯᠠ ᠶᠡᠭᠡ ᠡᠭᠦᠯᠳᠡᠷ ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠶᠢ ᠨᠢᠭᠡ | ᠴᠤᠭᠴᠠᠵᠢᠭᠤᠯᠤᠭᠰᠠᠨ ᠲᠤᠷᠰᠢᠯᠲᠠ ᠶᠢᠨ ᠲᠥᠷᠥᠯᠵᠦ᠋ᠢᠯ ᠨᠢ ᠡᠭᠦᠯᠳᠡᠷ ᠢ ᠳᠡᠯᠭᠡᠨ ᠦᠵᠡᠭᠦᠯᠬᠦ᠂ ᠢᠵᠢ ᠪᠦᠷᠢᠳᠦᠭᠰᠡᠨ | ᠮᠡᠷᠭᠡᠵᠢᠯ ᠤᠨ ᠦᠢᠯᠡᠴᠢᠯᠡᠭᠡ ᠬᠠᠩᠭᠠᠬᠤ᠂ ᠲᠠᠷᠢᠶᠠᠨ ᠦᠷ᠎ᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠡᠭᠦᠯᠳᠡᠷ ᠢ | ᠰᠢᠨᠡᠳᠭᠡᠨ ᠰᠠᠶᠢᠵᠢᠷᠠᠭᠤᠯᠬᠤ ᠶᠢ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠨ ᠡᠷᠦᠬᠡ ᠪᠠ | ᠬᠤᠷᠰᠢᠶᠠᠵᠢᠯ ᠤᠨ ᠰᠢᠯᠢᠳᠡᠭ ᠡᠭᠦᠯᠳᠡᠷ ᠢ ᠬᠡᠷᠡᠭᠯᠡᠬᠦ ᠶᠢ ᠪᠦᠲᠦᠮᠵᠢᠲᠡᠶ ᠬᠥᠲᠥᠯᠦᠨ ᠵᠢᠯᠣᠭᠤᠳᠴᠤ᠂ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠦᠨ᠂ ᠲᠠᠷᠢᠶᠠᠴᠢᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠶᠢ ᠦᠷᠭᠦᠯᠵᠢᠯᠡᠨ | ᠳᠠᠶᠢᠴᠢᠯᠠᠬᠤ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠨᠢ ᠰᠢᠯᠢᠳᠡᠭ ᠡᠭᠦᠯᠳᠡᠷ ᠤᠨ ᠦᠷ᠎ᠡ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ | ᠰᠠᠶᠢᠨ ᠡᠭᠦᠯᠳᠡᠷ ᠢ ᠳᠡᠯᠭᠡᠷᠡᠭᠦᠯᠬᠦ ᠪᠣᠯᠣᠨ ᠮᠡᠷᠭᠡᠵᠢᠯ ᠤᠨ ᠪᠣᠯᠪᠠᠰᠤᠷᠠᠯ ᠢᠶᠠᠷ ᠳᠠᠮᠵᠢᠭᠤᠯᠤᠨ᠂ ᠲᠠᠷᠢᠶᠠᠯᠠᠩ ᠤᠨ | ᠣᠳᠣᠬᠢᠴᠢᠯᠠᠯᠲᠠ ᠶᠢᠨ ᠰᠠᠭᠤᠷᠢ ᠶᠢ ᠦᠷᠭᠦᠯᠵᠢᠯᠡᠨ ᠪᠠᠲᠤᠳᠬᠠᠬᠤ ᠪᠣᠯᠣᠨ᠎ᠠ᠃ |