ᠮᠠᠨ ᠤ ᠬᠤᠰᠢᠭᠤ 13 ᠲᠦᠮᠡᠨ ᠮᠤ᠋ ᠵᠠᠳᠠᠭᠠᠢ ᠲᠠᠷᠢᠶᠠᠨ ᠭᠠᠵᠠᠷ ᠤᠨ ᠢᠳᠡᠰᠢᠨ ᠨᠤᠭᠤᠭ᠎ᠠ ᠶᠢ ᠪᠠᠨ ᠲᠠᠷᠢᠵᠤ ᠡᠬᠢᠯᠡᠪᠡ
ᠨᠡᠶᠢᠲᠡᠯᠡᠭᠰᠡᠨ ᠴᠠᠭ᠄
2025/4/18
      ᠬᠤᠷ᠎ᠠ  ᠤᠰᠤ ᠬᠦᠷᠴᠥ ᠢᠷᠡᠬᠦ ᠪᠠᠷ᠂ ᠪᠥᠬᠦ ᠬᠤᠰᠢᠭᠤᠨ ᠤ  ᠢᠳᠡᠰᠢᠨ  ᠨᠤᠭᠤᠭ᠎ᠠ ᠶᠢᠨ ᠲᠠᠷᠢᠶᠠᠴᠢᠳ 13 ᠲᠦᠮᠡᠨ ᠮᠥ ᠵᠠᠳᠠᠭᠠᠢ ᠲᠠᠷᠢᠶᠠᠨ ᠭᠠᠵᠠᠷ ᠤᠨ   ᠢᠳᠡᠰᠢᠨ ᠨᠣᠭᠤᠭ᠎ᠠ ᠶᠢ   ᠪᠠᠨ ᠲᠠᠷᠢᠵᠤ ᠡᠬᠢᠯᠡᠭᠰᠡᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂  ᠮᠠᠨ ᠤ ᠬᠤᠰᠢᠭᠤ ᠪᠣᠬᠢᠷᠲᠤᠯ ᠥᠬᠡᠶ ᠲᠠᠷᠢᠶᠠᠯᠠᠩ  ᠮᠠᠯᠵᠢᠯ ᠤᠨ ᠠᠰᠢᠭ ᠰᠢᠮ᠎ᠡ  ᠶᠢᠨ ᠪᠦᠲᠥᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠪᠠᠶᠢᠭᠤᠯᠬᠤ ᠶᠢᠨ ᠲᠣᠭᠤᠷᠢᠨ ᠳᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠳᠤ ᠶᠡᠭᠡ ᠪᠠᠷ ᠲᠣᠬᠢᠷᠠᠭᠤᠯᠤᠯᠲᠠ ᠬᠢᠵᠦ᠂   ᠢᠳᠡᠰᠢᠨ ᠨᠣᠭᠤᠭ᠎ᠠ  ᠲᠠᠷᠢᠬᠤ ᠦᠢᠯᠡᠰ ᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠭᠤᠤᠯᠯᠠᠬᠤ ᠠᠵᠤ ᠦᠢᠯᠡᠰ ᠪᠣᠯᠭᠠᠵᠤ᠂ ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂  ᠲᠠᠷᠢᠶᠠᠴᠢᠨ ᠡᠷᠦᠬᠡ ᠶᠢ ᠵᠢᠯᠤᠭᠤᠳᠤᠨ  ᠪᠠᠷᠢᠮᠵᠢᠶᠠᠵᠢᠭᠤᠯᠤᠨ ᠬᠡᠪᠴᠢᠶᠡᠵᠢᠭᠦᠯᠵᠥ᠂  ᠤᠳᠤᠬᠠᠨ ᠲᠤᠯᠳᠠᠯ᠎ᠠ ᠪᠥᠬᠦ ᠵᠢᠯ ᠳᠤ ᠳᠠᠷᠢᠬᠤ ᠲᠠᠯᠠᠪᠠᠶ  13 ᠲᠦᠮᠡᠨ ᠮᠥ ᠶᠢ ᠳᠠᠪᠠᠪᠠ᠃ ᠵᠢᠱᠢᠯᠲᠡ ᠪᠠᠷ ᠦᠢᠯᠡᠳᠬᠦᠨ ᠤ ᠥᠷᠲᠡᠭ  ᠨᠢ ᠪᠠᠷᠤᠭ 6 ᠳ᠋ᠦᠩᠰᠢᠭᠤᠷ ᠲᠥᠭᠦᠷᠢᠭ ᠣᠷᠴᠢᠮ  ᠬᠦᠷᠴᠥ᠂ ᠬᠤᠯᠤᠤᠪᠠᠩ᠂ ᠪᠥᠭᠡᠷᠡᠩᠬᠡᠶ ᠰᠣᠩᠭᠢᠨ᠎ᠠ᠂ ᠪᠤᠷᠴᠠᠭ᠂  ᠬᠠᠯᠠᠭᠤᠨ ᠨᠤᠭᠤᠭ᠎ᠠ᠂ ᠰᠣᠩᠭᠢᠨ᠎ᠠ ᠵᠡᠷᠭᠡ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠨᠢ ᠤᠯᠤᠰ ᠤᠨ ᠳᠣᠲᠣᠭᠠᠳᠤ ᠶᠢᠨ ᠣᠯᠠᠨ ᠮᠤᠵᠢ ᠬᠤᠲᠠ ᠳᠤ ᠪᠤᠷᠤᠯᠠᠭᠤᠯᠤᠭᠳᠠᠬᠤ ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号