ᠮᠥᠩᠬᠡ ᠪᠠᠷᠠᠭᠤᠨ ᠬᠡᠰᠡᠭ ᠤᠨ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/18
     4 ᠰᠠᠷ᠎ᠠ ᠶᠢᠨ 14 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠭᠤᠳᠠᠭᠠᠷ ᠭᠦᠩ ᠪᠠᠯᠭᠠᠰᠤ᠂ ᠶᠡᠭᠡ ᠬᠦᠩ ᠪᠠᠯᠭᠠᠰᠤ ᠵᠡᠷᠭᠡ ᠭᠠᠵᠠᠷ ᠤᠳ ᠲᠤ ᠭᠦᠨᠵᠡᠭᠡᠶᠢᠷᠡᠨ᠂ ᠴᠠᠰᠤ ᠰᠢᠭᠤᠷᠭᠠᠨ ᠤ ᠭᠠᠮᠰᠢᠭ ᠤᠨ ᠪᠠᠶᠢᠳᠠᠯ ᠪᠤᠯᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃      ᠮᠥᠩᠬᠡ ᠠᠴᠠ ᠬᠤᠶᠠᠷ ᠭᠠᠵᠠᠷ ᠤᠷᠤᠨ ᠤ ᠢᠳᠡᠰᠢᠨ ᠨᠣᠭᠤᠭᠠᠨ ᠤ ᠬᠦᠯᠡᠮᠵᠢ ᠶᠢᠨ ᠭᠠᠮᠰᠢᠭᠳᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠶᠠᠴᠢᠨ ᠡᠷᠦᠬᠡ ᠶᠢᠨ ᠪᠤᠳᠠᠲᠤ ᠬᠦᠴᠢᠷᠳᠡᠯ ᠢ ᠨᠠᠷᠢᠯᠢᠭ ᠤᠶᠢᠯᠠᠭᠠᠭᠰᠠᠨ ᠤ ᠳᠠᠷᠠᠭ᠎ᠠ ᠴᠢᠩᠭᠠᠳᠬᠠᠭᠰᠠᠨ ᠨᠢ᠄ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠶ ᠮᠡᠷᠭᠡᠵᠢᠯ ᠤᠨ ᠠᠵᠢᠯᠲᠠᠳ ᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠵᠠᠰᠠᠨ ᠰᠡᠷᠭᠦᠭᠡᠬᠦ ᠲᠥᠰᠦᠯ ᠲᠤᠭᠲᠠᠭᠠᠨ᠂ ᠡᠳ᠋ ᠪᠣᠳᠠᠰ ᠢ ᠴᠠᠭ ᠲᠤᠬᠠᠶ ᠳᠤᠨᠢ ᠲᠤᠬᠢᠷᠠᠭᠤᠯᠵᠤ᠂ ᠲᠠᠷᠢᠶᠠᠴᠢᠨ ᠡᠷᠦᠬᠡ ᠶᠢ ᠬᠠᠪᠰᠤᠷᠤᠨ ᠦᠢᠯᠡᠳᠪᠦᠷᠢᠯᠡᠯ ᠢ ᠨᠢ ᠲᠦᠷᠬᠡᠨ ᠰᠡᠷᠭᠦᠭᠡᠵᠦ᠂ ᠭᠠᠮᠰᠢᠭ ᠠᠴᠠ ᠪᠤᠯᠤᠭᠰᠠᠨ ᠬᠤᠬᠢᠷᠠᠯ ᠢ ᠴᠢᠷᠮᠠᠶᠢᠨ ᠪᠠᠭᠠᠰᠬᠠᠬᠤ ᠬᠡᠷᠡᠭᠲᠡᠶ ᠭᠡᠵᠡᠢ᠃      ᠮᠦᠩᠬᠡ ᠱᠠᠭᠠᠷᠳᠠᠭᠰᠠᠨ ᠨᠢ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠯ᠎ᠡ ᠵᠦᠢᠯ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠬᠤ ᠬᠡᠷᠡᠭᠲᠡᠢ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠶᠡᠭᠡ ᠪᠠᠷ ᠪᠤᠶᠢᠵᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ︔ ᠲᠠᠷᠢᠶᠠᠯᠠᠩ ᠤᠨ ᠤᠰᠤᠨ ᠠᠰᠢᠭᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭ᠎ᠠ ᠠᠳᠬᠤᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ᠃ ᠰᠢᠯᠢᠳᠡᠭ ᠡᠭᠦᠯᠳᠡᠷ ᠢ ᠢᠳᠡᠪᠬᠢᠲᠡᠶ ᠪᠠᠷ ᠳᠡᠯᠭᠡᠷᠡᠭᠦᠯᠵᠦ᠂ ᠭᠠᠷᠤᠯᠲᠠ ᠶᠢ ᠨᠡᠮᠡᠭᠳᠡᠭᠦᠯᠬᠦ ᠡᠯ᠎ᠡ ᠲᠥᠷᠥᠯ ᠤᠨ ᠮᠡᠷᠭᠡᠵᠢᠯ ᠢ ᠲᠥᠪᠯᠡᠷᠡᠭᠦᠯᠦᠨ ᠬᠡᠷᠡᠭᠯᠡᠵᠦ᠂ ᠠᠮᠤ ᠪᠤᠳᠠᠭᠠᠨ ᠤ ᠲᠠᠷᠢᠮᠠᠯ ᠤᠨ ᠤᠨᠠᠯᠲᠠ ᠶᠢᠨ ᠨᠡᠮᠡᠭᠳᠡᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠢᠳᠡᠰᠢᠨ ᠨᠣᠭᠤᠭ᠎ᠠ᠂ ᠮᠢᠬ᠎ᠠ᠂ ᠥᠨᠳᠡᠭᠡ᠂ ᠰᠦ ᠵᠡᠷᠭᠡ ᠬᠤᠯᠢᠰᠢᠨ ᠢᠳᠡᠭᠡᠨ ᠤ ᠦᠢᠯᠡᠳᠪᠦᠷᠢᠯᠡᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠳᠤ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠦ᠂ ᠢᠳᠡᠭᠡᠨ ᠤᠮᠳᠠᠭᠠᠨ ᠤ ᠬᠠᠩᠭᠠᠯᠭ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠡᠢ᠃      ᠵᠦ ᠴᠦᠨ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号