ᠤᠯᠠᠭᠠᠨᠬᠠᠳᠠ ᠬᠤᠲᠠ  ᠶᠢᠨ 2025 ᠣᠨ  ᠤ ᠬᠤᠶᠠᠷ ᠶᠡᠭᠡ ᠡᠯᠡᠰᠦᠷᠬᠡᠭ ᠭᠠᠵᠠᠷ ᠢ  ᠰᠦᠨᠥᠭᠡᠬᠦ ᠳᠠᠶᠢᠯᠠᠯᠳᠤᠭᠠᠨ  ᠤ ᠪᠣᠭᠤᠮᠲᠠ ᠰᠢᠪᠲᠤᠯᠬᠤ ᠠᠵᠢᠯᠯᠠᠭ᠎ᠠ ᠶᠢᠨ  ᠰᠢᠨᠵᠢ ᠲᠡᠮᠳᠡᠭ ᠤᠨ ᠴᠢᠨᠠᠷᠲᠠᠢ ᠢᠨᠵᠧᠨᠧᠷᠢᠩ ᠢ ᠡᠬᠢᠯᠡᠭᠦᠯᠬᠦ ᠵᠢᠴᠢ ᠬᠤᠲᠠ ᠶᠢᠨ ᠨᠠᠮ ᠵᠠᠰᠠᠭ ᠤᠨ ᠤᠳᠤᠷᠢᠳᠤᠯᠭ᠎ᠠ ᠶᠢᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ  ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/4/18
     4 ᠰᠠᠷ᠎ᠠ ᠶᠢᠨ 18 ᠤ ᠡᠳᠦᠷ᠂ ᠤᠯᠠᠭᠠᠨᠬᠠᠳᠠ ᠬᠤᠲᠠ ᠶᠢᠨ 2025 ᠣᠨ ᠤ ᠬᠤᠶᠠᠷ ᠶᠡᠭᠡ ᠡᠯᠡᠰᠦᠷᠬᠡᠭ ᠭᠠᠵᠠᠷ ᠢ  ᠰᠦᠨᠥᠭᠡᠬᠦ ᠳᠠᠶᠢᠯᠠᠯᠳᠤᠭᠠᠨ   ᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠰᠢᠨᠵᠢ ᠲᠡᠮᠳᠡᠭ ᠤᠨ ᠴᠢᠨᠠᠷᠲᠠᠢ ᠢᠨᠵᠧᠨᠧᠷᠢᠩ ᠤᠨ ᠠᠵᠢᠯ ᠡᠬᠢᠯᠡᠭᠦᠯᠬᠦ ᠵᠢᠴᠢ ᠬᠤᠲᠠ ᠶᠢᠨ ᠨᠠᠮ ᠵᠠᠰᠠᠭ ᠤᠨ ᠤᠳᠤᠷᠢᠳᠤᠯᠭ᠎ᠠ ᠶᠢᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ᠃ ᠡᠨᠡ ᠨᠢ ᠬᠤᠷᠴᠢᠨ ᠤ ᠡᠯᠡᠰᠦᠷᠬᠡᠭ ᠭᠠᠵᠠᠷ ᠪᠠ  ᠬᠤᠯᠠᠨ ᠳᠠᠭ᠎ᠠ ᠡᠯᠡᠰᠦᠷᠬᠡᠭ ᠭᠠᠵᠠᠷ ᠢ ᠰᠦᠨᠥᠭᠡᠬᠦ ᠳᠠᠶᠢᠯᠠᠯᠳᠤᠭᠠᠨ ᠨᠢ 2025 ᠣᠨ ᠳᠤ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠠᠶᠢᠬᠤ ᠶᠤᠮ᠃ ᠬᠤᠳᠠ ᠶᠢᠨ ᠨᠠᠮ ᠵᠠᠰᠠᠭ ᠤᠨ ᠤᠳᠤᠷᠢᠳᠤᠯᠭ᠎ᠠ ᠯᠤᠸᠠᠨ ᠲᠢᠶᠠᠨ ᠮᠧᠩ᠂ ᠰᠦᠢ ᠯᠢ᠂ ᠮᠧᠩ ᠰᠢᠶᠤᠤ ᠪᠢᠩ᠂ ᠵᠠᠩ ᠱᠸᠤ ᠬᠠᠢ᠂ ᠵᠤᠤ ᠼᠠᠢ ᠱᠧᠩ᠂ ᠬᠤᠤ ᠾᠦᠢ ᠮᠢᠩ᠂ ᠵᠠᠩ ᠭᠦᠸᠧ ᠬᠤᠸᠠ ᠨᠠᠷ ᠺᠠᠳ᠋ᠷ ᠤᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃     ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠬᠤᠲᠠ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷ 500 ᠭᠠᠷᠤᠶ ᠬᠥᠮᠦᠨ ᠪᠤᠷᠤᠬᠤᠲᠠ ᠪᠠᠯᠭᠠᠰᠤ ᠶᠢᠨ ᠬᠤᠷᠠᠬᠤ ᠭᠠᠴᠠᠭ᠎ᠠ ᠠᠴᠠ ᠬᠦᠬᠡᠰᠡᠭᠦᠯ ᠭᠠᠴᠠᠭ᠎ᠠ ᠬᠦᠷᠬᠦ ᠡᠯᠡᠰᠥ ᠶᠢ ᠲᠤᠭᠤᠯᠤᠭᠰᠠᠨ ᠵᠠᠰᠠᠮᠠᠯ ᠵᠠᠮ  ᠤᠨ  ᠬᠡᠰᠡᠭ  ᠤᠨ ᠬᠤᠷᠴᠢᠨ ᠤ ᠡᠯᠡᠰᠦᠷᠬᠡᠭ ᠭᠠᠵᠠᠷ ᠲᠤ ᠬᠦᠷᠴᠦ᠂  ᠭᠤᠷᠪᠠᠳᠤᠭᠠᠷ ᠵᠢᠯ ᠤᠨ ᠤᠶᠢᠵᠢᠭᠤᠯᠤᠯᠳᠠ  ᠶᠢᠨ ᠠᠵᠢᠯ ᠢᠶᠠᠨ ᠡᠬᠢᠯᠡᠭᠦᠯᠪᠡ  ᠃   ᠲᠤᠰ  ᠵᠠᠰᠠᠮᠠᠯ ᠵᠠᠮ ᠤᠨ ᠪᠦᠬᠦ ᠤᠷᠳᠤ ᠨᠢ15 ᠺᠢᠯᠤᠮᠧᠲᠷ᠂ ᠵᠠᠮ ᠳᠠᠭᠤ ᠡᠯᠡᠰᠥᠷᠬᠡᠭ ᠭᠠᠵᠠᠷ  10  ᠲᠦᠮᠡ ᠢᠯᠡᠭᠦᠥ ᠪᠠᠶᠢᠵᠤ᠂ ᠵᠢᠯ ᠤᠨ ᠰᠡᠭᠦᠯᠴᠢ ᠪᠤᠯᠳᠠᠯ᠎ᠠ  ᠡᠷᠬᠡᠰᠢᠶᠡᠬᠦ ᠪᠠᠷ ᠲᠦᠯᠥᠪᠯᠡᠵᠥ ᠪᠠᠶᠢᠨ᠎ᠠ᠃     ᠠᠷᠪᠠᠨ ᠳᠥᠷᠪᠡᠳᠦᠭᠡᠷ ᠲᠠᠪᠤᠨ ᠵᠢᠯ ᠠᠴᠠ ᠨᠠᠰᠢ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ  ︽ᠭᠤᠷᠪᠠᠨ ᠨᠣᠭᠤᠭᠠᠷᠠᠭᠤᠯᠤᠯᠲᠠ︾ ᠶᠢ ᠵᠡᠷᠭᠡ ᠪᠠᠷ  ᠠᠳᠬᠤᠨ᠂  ᠤᠳᠤᠬᠠᠨ ᠪᠤᠯᠳᠠᠯ᠎ᠠ ᠨᠡᠶᠢᠲᠡ 174 ᠲᠦᠮᠡ2900 ᠲᠦᠮᠡᠨ ᠬᠥᠮᠦᠨ ᠤᠳᠠᠭ᠎ᠠ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠡᠯ᠎ᠡ ᠲᠥᠷᠥᠯ ᠤᠨ ᠮᠣᠳᠣ ᠴᠢᠬᠢ ᠮᠤᠳᠤ ᠶᠢ ᠨᠡᠶᠢᠲᠡ 900 ᠭᠠᠷᠤᠶ  ᠲᠦᠮᠡᠨ ᠰᠠᠭᠤᠷᠢ  ᠳᠠᠷᠢᠵᠤ ᠰᠠᠭᠤᠯᠭᠠᠨ᠂ ᠣᠶᠢᠵᠢᠭᠤᠯᠤᠭᠰᠠᠨ ᠲᠠᠯᠠᠪᠠᠶ ᠨᠢ 12 ᠲᠦᠮᠡᠨ ᠮᠥ ᠰᠢᠬᠠᠮ  ᠪᠤᠯᠪᠠ᠃    ᠣᠩᠨᠢᠭᠤᠳ ᠬᠤᠰᠢᠭᠤ ᠨᠢ ᠤᠯᠠᠭᠠᠨᠬᠠᠳᠠ ᠬᠤᠲᠠ ᠶᠢᠨ ᠬᠤᠷᠴᠢᠨ ᠤ ᠡᠯᠡᠰᠦᠷᠬᠡᠭ ᠭᠠᠵᠠᠷ ᠢ  ᠰᠦᠨᠥᠭᠡᠬᠦ ᠭᠤᠣᠯ ᠳᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ 2024 ᠣᠨ ᠤ ᠡᠴᠦᠰ ᠪᠣᠯᠲᠠᠯ᠎ᠠ᠂ ︽ᠵᠠᠮ ᠢᠶᠠᠷ ᠡᠯᠡᠰᠦ ᠶᠢ ᠵᠠᠰᠠᠬᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠡᠷᠭᠡ ᠵᠠᠰᠠᠯᠲᠠ ᠶᠢᠨ ᠵᠠᠭᠪᠤᠷ ᠢ ᠠᠪᠬᠤ ᠪᠠᠷ ᠳᠠᠮᠵᠢᠭᠤᠯᠵᠤ᠂ 551 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ᠤᠷᠢᠳ ᠬᠤᠵᠢᠳ 16 ᠵᠤᠷᠪᠤᠰ  ᠡᠯᠡᠰᠥ ᠶᠢ ᠲᠤᠭᠤᠯᠤᠭᠰᠠᠨ ᠵᠠᠰᠠᠮᠠᠯ ᠵᠠᠮ ᠢ ᠨᠡᠪᠲᠡᠷᠡᠭᠦᠯᠵᠦ᠂ ᠶᠡᠷᠦᠩᠬᠡᠢ ᠣᠷᠳᠣ ᠨᠢ 479.5  ᠺᠢᠯᠤᠮᠧᠲᠷ  ᠪᠤᠯᠪᠠ᠃ 2025 ᠣᠨ ᠳᠤ᠂ ᠪᠥᠬᠦ  ᠬᠤᠰᠢᠭᠤ ᠪᠠᠷ ᠢᠶᠠᠨ 3 ᠵᠤᠷᠪᠤᠰ ᠡᠯᠡᠰᠦ  ᠲᠤᠭᠤᠯᠤᠰᠠᠨ ᠵᠠᠰᠠᠮᠠᠯ ᠵᠠᠮ ᠢ ᠰᠢᠨ᠎ᠡ ᠪᠠᠷ  ᠨᠡᠪᠲᠡᠷᠡᠭᠦᠯᠵᠥ  ᠂ 26 ᠲᠦᠮᠡᠨ ᠮᠤ᠋ ᠡᠯᠡᠰᠥ ᠶᠢ  ᠳᠤᠭᠳᠠᠪᠤᠷᠢᠵᠢᠭᠤᠯᠤᠨ ᠂ 70 ᠲᠦᠮᠡᠨ ᠮᠤ᠋ ᠪᠤᠯᠭᠠᠨ  ᠦᠷᠭᠡᠳᠬᠡᠵᠥ  ᠂ 2026  ᠤᠨ ᠪᠣᠯᠬᠤ ᠳᠤ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠠᠨ ᠪᠦᠬᠦᠨ ᠢ ᠪᠡᠶᠡᠯᠡᠭᠦᠯᠬᠦ ᠪᠠᠷ  ᠲᠦᠯᠥᠪᠯᠡᠨ ᠴᠢᠷᠮᠠᠶᠢᠨ ᠠᠵᠢᠯᠯᠠᠵᠤ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号