ᠮᠠᠨ ᠤ ᠬᠤᠰᠢᠭᠤ ᠱᠠᠭ᠎ᠠ ᠲᠤᠭᠯᠠᠭᠠᠮ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/4/18
     ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠤᠶᠤᠯ ᠢ ᠨᠡᠩ ᠴᠢᠨᠠᠭᠰᠢᠲᠠ ᠤᠯᠠᠮᠵᠢᠯᠠᠨ ᠪᠠᠳᠠᠷᠠᠭᠤᠯᠬᠤ ᠶᠢᠨ ᠲᠦᠯᠦᠭᠡ᠂ 4 ᠰᠠᠷ᠎ᠠ ᠶᠢᠨ 15 ᠤ ᠡᠳᠦᠷ᠂ ᠮᠠᠨ ᠤ ᠬᠤᠰᠢᠭᠤ ᠱᠠᠭ᠎ᠠ ᠲᠤᠭᠯᠠᠭᠠᠮ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠬᠤᠰᠢᠭᠤᠨ ᠤ 40 ᠭᠠᠷᠤᠶ ᠬᠦᠮᠦᠰ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠶ᠃      ᠪᠣᠯᠪᠠᠰᠤᠷᠠᠯ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠂ ᠱᠠᠭ᠎ᠠ ᠶᠢᠨ ᠲᠥᠷᠥᠯ ᠵᠦᠢᠯ ᠤᠨ ᠬᠤᠲᠠ ᠶᠢᠨ ᠳᠡᠰ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠠᠭᠰᠢ ᠠᠴᠠ ᠬᠢᠴᠢᠶᠡᠯ ᠤᠷᠤᠵᠤ᠂ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠱᠠᠭ᠎ᠠ ᠲᠤᠭᠯᠠᠭᠠᠮ ᠤᠨ ᠲᠦᠷᠢᠮ ᠪᠠ ᠨᠠᠭᠠᠳᠬᠤ ᠤᠷ᠎ᠠ ᠮᠡᠷᠭᠡᠵᠢᠯ ᠢ ᠰᠢᠰᠲ᠋ᠧᠮ ᠲᠠᠢ ᠲᠠᠶᠢᠯᠪᠤᠷᠢᠯᠠᠵᠤ᠂ ᠪᠤᠯᠪᠠᠰᠤᠷᠠᠯ ᠳᠤ ᠤᠷᠤᠯᠴᠠᠭᠰᠠᠳ ᠲᠤ ᠱᠠᠭ᠎ᠠ ᠶᠢᠨ ᠰᠣᠶᠣᠯ ᠤᠨ ᠪᠠᠶᠠᠯᠢᠭ ᠠᠭᠤᠯᠤᠭᠳᠠᠬᠤᠨ ᠢ ᠭᠦᠨᠵᠡᠭᠡᠶ ᠤᠶᠢᠯᠠᠭᠠᠭᠤᠯᠤᠨ᠂ ᠦᠨᠳᠦᠰᠦᠲᠡᠨ ᠨᠦᠭᠦᠳ ᠤᠨ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号