ᠣᠩᠨᠢᠭᠤᠳ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠢ ᠡᠪᠳᠡᠭᠰᠡᠨ ᠬᠡᠷᠡᠭ  ᠤᠨ ᠵᠠᠷᠯᠠᠯ ( ᠨᠢᠭᠡᠳᠦᠭᠡᠷ ᠬᠤᠭᠤᠴᠠᠭ᠎ᠠ )
ᠨᠡᠶᠢᠲᠡᠯᠡᠭᠰᠡᠨ ᠴᠠᠭ᠄
2025/4/2
     ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂  ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠪᠥᠬᠦ ᠬᠦᠴᠦᠨ ᠢᠶᠠᠷ ᠠᠬᠢᠭᠤᠯᠵᠤ᠂ 《 ᠬᠥᠬᠡᠮᠳᠦᠭ ᠨᠣᠭᠤᠭᠠᠨ ᠠᠭᠤᠯᠠ ᠤᠰᠤ 》 ᠶᠢ ᠦᠨᠡᠨ ᠬᠦ ᠰᠠᠬᠢᠨ ᠬᠠᠮᠠᠭᠠᠯᠠᠵᠤ ᠪᠠᠶᠢᠨ᠎ᠠ  ᠃ ᠣᠳᠣ ᠪᠣᠯᠲᠠᠯ᠎ᠠ ᠨᠢᠭᠡᠨᠲᠡ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠣᠯᠠᠨ ᠬᠡᠷᠡᠭ ᠢ ᠪᠠᠶᠢᠴᠠᠭᠠᠨ ᠰᠢᠶᠳᠪᠦᠷᠢᠯᠡᠭᠰᠡᠨ ᠪᠥᠭᠡᠳ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠡᠷᠡᠭᠦᠦ ᠶᠢᠨ ᠬᠠᠤᠯᠢ 》᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ 》᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ 》᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ ᠶᠢ ᠬᠡᠷᠡᠭᠵᠢᠭᠦᠯᠬᠦ ᠳᠦᠷᠢᠮ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠪᠠᠷᠢᠮᠵᠢᠶ᠎ᠠ 》 ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠤᠯᠢ ᠠᠴᠠ ᠵᠥᠷᠢᠴᠡᠭᠰᠡᠨ ᠬᠥᠮᠦᠰ ᠲᠤ ᠵᠣᠬᠢᠴᠠᠩᠭᠤᠶ ᠰᠢᠳᠬᠡᠯ ᠲᠣᠷᠭᠠᠭᠤᠯᠢ ᠥᠭᠭᠦᠭᠰᠡᠨ ᠪᠠᠶᠢᠨ᠎ᠠ  ᠃ ᠤᠳᠤ ᠨᠡᠶᠢᠲᠡᠯᠢᠭ ᠬᠡᠷᠡᠭ ᠤᠨ ᠵᠢᠱᠢᠶ᠎ᠡ ᠶᠢ ᠳᠣᠣᠷᠠᠬᠢ ᠮᠡᠲᠦ ᠪᠠᠷ ᠨᠡᠶᠢᠲᠡᠯᠡᠶ᠎ᠡ᠄       ᠬᠡᠷᠡᠭ ᠤᠨ ᠵᠢᠱᠢᠶ᠎ᠡ ᠨᠢᠭᠡ   ᠲᠦᠩ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠡᠷᠡᠭ     ᠬᠡᠷᠡᠭ ᠤᠨ ᠨᠠᠷᠢᠨ ᠪᠠᠶᠢᠳᠠᠯ᠄ 1999 ᠣᠨ ᠤ 3 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠪᠠᠶᠠᠨᠲᠣᠬᠤᠢ ᠰᠤᠮᠤ ᠶᠢᠨ ᠱᠤᠸᠠᠩ ᠾᠧ ᠭᠠᠴᠠᠭᠠᠨ ᠤ ᠲᠣᠰᠬᠤᠨ ᠤ ᠠᠷᠠᠳ ᠲᠦᠩ ᠣᠪᠣᠭᠲᠤ ᠪᠠᠶᠠᠨᠲᠣᠬᠤᠢ ᠰᠤᠮᠤ ᠶᠢᠨ ᠱᠤᠸᠠᠩ ᠾᠧ ᠭᠠᠴᠠᠭ᠎ᠠ ᠲᠠᠢ 《 ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ 》 ᠲᠣᠭᠲᠠᠵᠤ᠂ ᠡᠯᠡᠰᠦ ᠮᠠᠩᠬ᠎ᠠ᠂ ᠠᠲᠠᠷ ᠨᠠᠮᠤᠭ ᠤᠨ ᠬᠡᠯᠪᠡᠷᠢ ᠪᠠᠷ ᠣᠩᠨᠢᠭᠤᠳ ᠬᠤᠰᠢᠭᠤᠨ ᠤ ᠪᠠᠶᠠᠨᠲᠣᠬᠤᠢ ᠰᠤᠮᠤ ᠶᠢᠨ ᠱᠤᠸᠠᠩ ᠾᠧ ᠭᠠᠴᠠᠭ᠎ᠠ ᠶᠢᠨ ᠭᠠᠵᠠᠷ ᠰᠢᠷᠣᠶ ᠶᠢ ᠳᠠᠭᠠᠭᠠᠴᠢᠯᠠᠪᠠ᠂ ᠳᠠᠭᠠᠭᠠᠴᠢᠯᠠᠯᠲᠠ ᠶᠢᠨ ᠬᠤᠭᠤᠴᠠᠭ᠎ᠠ ᠨᠢ 1999 ᠣᠨ ᠤ 1 ᠰᠠᠷ᠎ᠠ ᠶᠢᠨ 1 ᠤ ᠡᠳᠦᠷ ᠠᠴᠠ 2049 ᠣᠨ ᠤ 12 ᠰᠠᠷ᠎ᠠ ᠶᠢᠨ 30 ᠤ ᠡᠳᠦᠷ ᠪᠣᠯᠲᠠᠯ᠎ᠠ᠂ ᠬᠡᠷᠡᠭ ᠲᠤ ᠬᠤᠯᠪᠣᠭᠳᠠᠭᠰᠠᠨ ᠭᠠᠵᠠᠷ ᠰᠢᠷᠣᠶ ᠶᠢᠨ ᠪᠣᠳᠠᠲᠠᠶ ᠲᠠᠯᠠᠪᠠᠶ ᠨᠢ 3000 ᠭᠠᠷᠤᠶ ᠮᠥ ᠪᠠᠶᠢᠪᠠ  ᠃ ᠲᠦᠩ ᠣᠪᠣᠭᠲᠤ ᠳᠠᠭᠠᠭᠠᠴᠢᠯᠠᠯᠲᠠ ᠶᠢᠨ ᠡᠬᠢᠨ ᠤ ᠬᠤᠭᠤᠴᠠᠭᠠᠨ ᠳᠤ ᠮᠣᠳᠣ ᠲᠠᠷᠢᠵᠤ᠂ ᠰᠡᠭᠦᠯᠴᠢ ᠶᠢᠨ ᠬᠤᠭᠤᠴᠠᠭᠠᠨ ᠳᠤ ᠳᠠᠭᠠᠭᠠᠴᠢᠯᠠᠭᠰᠠᠨ ᠲᠡᠭᠰᠢᠬᠡᠨ 600 ᠭᠠᠷᠤᠢ ᠮᠦ ᠭᠠᠵᠠᠷ ᠲᠤ ᠲᠠᠷᠢᠮᠠᠯ ᠲᠠᠷᠢᠵᠠᠢ  ᠃ 2019 ᠣᠨ ᠤ ᠬᠠᠪᠤᠷ᠂ ᠲᠦᠩ ᠣᠪᠣᠭᠲᠤ ᠮᠠᠰᠢᠨ ᠲᠥᠬᠦᠭᠡᠷᠦᠮᠵᠢ ᠪᠠᠷ ᠳᠠᠭᠠᠭᠠᠴᠢᠯᠠᠭᠰᠠᠨ ᠭᠠᠵᠠᠷ ᠢᠶᠠᠨ ᠲᠡᠭᠰᠢᠯᠡᠵᠦ᠂ ᠬᠠᠭᠠᠯᠪᠤᠷᠢᠯᠠᠵᠤ᠂ ᠪᠠᠷᠤᠭ 1700 ᠭᠠᠷᠤᠶ ᠮᠥ ᠭᠠᠵᠠᠷ ᠰᠢᠷᠣᠶ ᠶᠢ ᠬᠠᠭᠠᠯᠪᠤᠷᠢᠯᠠᠭᠰᠠᠨ ᠪᠥᠭᠡᠳ ᠬᠠᠭᠠᠯᠪᠤᠷᠢᠯᠠᠵᠤ ᠭᠠᠷᠭᠠᠭᠰᠠᠨ ᠭᠠᠵᠠᠷ ᠲᠠᠭᠠᠨ ᠬᠥᠬᠡ ᠳᠠᠷᠤᠰᠢ᠂ ᠨᠣᠬᠠᠶ ᠶᠢᠨ ᠬᠤᠰᠢᠭᠤ᠂ ᠡᠷᠳᠡᠨᠢ ᠰᠢᠰᠢ ᠳᠠᠷᠢᠵᠤ᠂ 2020 ᠣᠨ ᠠᠴᠠ 2021 ᠣᠨ ᠪᠣᠯᠲᠠᠯ᠎ᠠ ᠬᠠᠭᠠᠯᠪᠤᠷᠢᠯᠠᠭᠰᠠᠨ ᠬᠡᠷᠡᠭ ᠲᠤ ᠬᠤᠯᠪᠣᠭᠳᠠᠭᠰᠠᠨ ᠭᠠᠵᠠᠷ ᠲᠠᠭᠠᠨ ᠬᠥᠬᠡ ᠳᠠᠷᠤᠰᠢ ᠶᠢᠨ ᠡᠷᠳᠡᠨᠢ ᠰᠢᠰᠢ ᠳᠠᠷᠢᠪᠠ  ᠃       2022 ᠣᠨ ᠤ 4 ᠰᠠᠷ᠎ᠠ ᠶᠢᠨ 2 ᠤᠨ ᠡᠳᠦᠷ᠂ ᠣᠩᠨᠢᠭᠤᠳ ᠬᠤᠰᠢᠭᠤᠨ ᠤ ᠪᠠᠶᠠᠨᠲᠣᠬᠤᠢ ᠰᠤᠮᠤ ᠶᠢᠨ ᠵᠠᠰᠠᠭ ᠤᠨ ᠣᠷᠳᠣᠨ ᠲᠦᠩ ᠣᠪᠣᠭᠲᠤ ᠳᠤ 《 ᠵᠠᠷᠯᠢᠭᠳᠠᠨ ᠵᠣᠭᠰᠣᠭᠠᠬᠤ ᠮᠡᠳᠡᠭᠳᠡᠯ ᠤᠨ ᠪᠢᠴᠢᠭ 》 ᠪᠢᠴᠢᠭ ᠮᠠᠲ᠋ᠧᠷᠢᠶᠠᠯ ᠢ ᠬᠦᠷᠭᠡᠵᠦ᠂ ᠲᠦᠩ ᠣᠪᠣᠭᠲᠤ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠰᠡᠵᠢᠭᠲᠡᠢ ᠪᠣᠯᠬᠤᠷ ᠳᠡᠭᠡᠷ᠎ᠡ ᠳᠤᠷᠠᠳᠤᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠲᠡᠷᠡ ᠳᠠᠷᠤᠢ ᠳᠤᠨᠢ ᠵᠣᠭᠰᠣᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ  ᠃ ᠰᠡᠭᠦᠯᠡᠷ ᠨᠢ ᠲᠦᠩ ᠣᠪᠣᠭᠲᠤ 2022 ᠣᠨ ᠤ 4 ᠰᠠᠷ᠎ᠠ᠂ 2022 ᠣᠨ ᠤ 11 ᠰᠠᠷ᠎ᠠ ᠳᠤ ᠤᠷᠢᠳ ᠬᠤᠵᠢᠳ ᠸᠠᠩ ᠣᠪᠣᠭᠲᠤ᠂ ᠭᠧᠩ ᠣᠪᠣᠭᠲᠤ ᠲᠠᠢ 《 ᠭᠠᠵᠠᠷ ᠰᠢᠷᠣᠢ  ᠶᠢᠨ ᠳᠠᠭᠠᠭᠠᠴᠢᠯᠠᠯᠲᠠ ᠶᠢᠨ ᠭᠡᠷ᠎ᠡ 》 ᠲᠣᠭᠲᠠᠭᠠᠭᠰᠠᠨ ᠪᠥᠭᠡᠳ ᠳᠠᠭᠠᠭᠠᠴᠢᠯᠠᠭᠴᠢ ᠳᠤ ᠬᠡᠷᠡᠭ ᠲᠤ ᠬᠤᠯᠪᠣᠭᠳᠠᠭᠰᠠᠨ ᠭᠠᠵᠠᠷ ᠤᠨ ᠲᠦᠷᠦᠯ ᠵᠦᠢᠯ ᠤᠨ ᠰᠢᠨᠵᠢ ᠴᠢᠨᠠᠷ ᠢ ᠬᠡᠯᠡᠵᠦ ᠥᠭᠭᠦᠭᠰᠡᠨ ᠦᠭᠡᠢ᠂ ᠳᠠᠭᠠᠭᠠᠴᠢᠯᠠᠭᠴᠢ ᠤᠷᠢᠳ ᠬᠤᠵᠢᠳ ᠬᠡᠷᠡᠭ ᠲᠤ ᠬᠤᠯᠪᠣᠭᠳᠠᠭᠰᠠᠨ ᠭᠠᠵᠠᠷ ᠲᠤ ᠡᠷᠳᠡᠨᠢ ᠰᠢᠰᠢ ᠲᠠᠷᠢᠵᠠᠢ  ᠃      2023 ᠣᠨ ᠤ 4 ᠰᠠᠷ᠎ᠠ ᠶᠢᠨ 18 ᠤ ᠡᠳᠦᠷ᠂ ᠣᠩᠨᠢᠭᠤᠳ ᠬᠤᠰᠢᠭᠤᠨ ᠤ ᠪᠠᠶᠠᠨᠲᠣᠬᠤᠢ ᠰᠤᠮᠤ ᠶᠢᠨ ᠵᠠᠰᠠᠭ ᠤᠨ ᠣᠷᠳᠣᠨ 《 ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 》 ᠭᠠᠷᠭᠠᠵᠤ᠂ ᠲᠦᠩ ᠣᠪᠣᠭᠲᠤ ᠶᠢ ᠬᠠᠤᠯᠢ ᠪᠤᠰᠤ ᠪᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠠᠵᠢᠯᠯᠠᠭ᠎ᠠ ᠪᠠᠨ ᠳᠠᠷᠤᠶᠢᠬᠠᠨ ᠵᠣᠭᠰᠣᠭᠠᠵᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠬᠡᠷᠡᠭᠲᠡᠢ ᠭᠡᠵᠦ ᠱᠠᠭᠠᠷᠳᠠᠪᠠ  ᠃      2023 ᠣᠨ ᠤ 7 ᠰᠠᠷ᠎ᠠ ᠶᠢᠨ 7 ᠤ ᠡᠳᠦᠷ᠂ ᠣᠩᠨᠢᠭᠤᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠦᠩ ᠣᠪᠣᠭᠲᠤ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠰᠡᠵᠢᠭᠯᠡᠯᠲᠡᠶ ᠬᠡᠷᠡᠭ ᠢ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠶᠢᠨ ᠠᠮᠢ ᠠᠬᠤᠶ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠶᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠳᠤ ᠰᠢᠯᠵᠢᠭᠦᠯᠦᠨ ᠬᠦᠷᠭᠡᠵᠦ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠪᠠ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠷ ᠳᠡᠮᠵᠢᠨ᠂ ᠲᠦᠩ ᠣᠪᠣᠭᠲᠤ ᠶᠢᠨ ᠬᠠᠤᠯᠢ ᠪᠤᠰᠤ ᠪᠠᠷ ᠬᠠᠭᠠᠯᠪᠤᠷᠢᠯᠠᠭᠰᠠᠨ ᠣᠶᠢᠲᠤ ᠭᠠᠵᠠᠷ ᠨᠢ 87 . 382 ᠮᠥ ( ᠣᠶᠢᠲᠤ ᠭᠠᠵᠠᠷ )᠂ ᠪᠠᠶᠢᠭᠠᠯᠢ ᠶᠢᠨ ᠪᠡᠯᠴᠢᠭᠡᠷ ᠭᠠᠵᠠᠷ ᠨᠢ 1573 . 883 ᠮᠥ ᠪᠠᠶᠢᠵᠤ᠂ ᠲᠦᠩ ᠣᠪᠣᠭᠲᠤ ᠶᠢᠨ ᠬᠠᠭᠠᠯᠪᠤᠷᠢᠯᠠᠭᠰᠠᠨ ᠬᠡᠷᠡᠭ ᠲᠤ ᠬᠤᠯᠪᠣᠭᠳᠠᠭᠰᠠᠨ ᠨᠤᠲᠤᠭ ᠪᠡᠯᠴᠢᠭᠡᠷ᠂ ᠣᠶᠢᠲᠤ ᠭᠠᠵᠠᠷ᠂ ᠬᠡᠷᠡᠭ ᠲᠤ ᠬᠤᠯᠪᠣᠭᠳᠠᠭᠰᠠᠨ ᠭᠠᠵᠠᠷ ᠲᠤ ᠲᠠᠷᠢᠮᠠᠯ ᠤᠨ ᠡᠷᠳᠡᠨᠢ ᠰᠢᠰᠢ ᠳᠠᠷᠢᠭᠰᠠᠨ ᠦᠶᠯᠡ ᠠᠵᠢᠯᠯᠠᠭ᠎ᠠ ᠨᠢ ᠨᠤᠲᠤᠭ ᠪᠡᠯᠴᠢᠭᠡᠷ᠂ ᠣᠶᠢᠲᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ᠂ ᠨᠤᠲᠤᠭ ᠪᠡᠯᠴᠢᠭᠡᠷ᠂ ᠣᠶ ᠮᠣᠳᠣᠨ ᠤ ᠭᠠᠵᠠᠷ ᠤᠨ ᠤᠤᠯ ᠤᠨ ᠤᠷᠭᠤᠮᠠᠯ ᠤᠨ ᠪᠦᠷᠬᠦᠴᠡ ᠶᠢ ᠡᠪᠳᠡᠵᠦ ᠰᠦᠶᠳᠬᠡᠭᠰᠡᠨ ᠬᠡᠮᠵᠢᠶ᠎ᠡ ᠨᠢ ᠬᠦᠨᠳᠦ ᠨᠣᠴᠢᠲᠠᠶ  ᠃ 2023 ᠣᠨ ᠤ 7 ᠰᠠᠷ᠎ᠠ ᠶᠢᠨ 8 ᠤ ᠡᠳᠦᠷ ᠲᠦᠩ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ  ᠢᠶᠠᠷ ᠰᠡᠵᠢᠭᠯᠡᠭᠳᠡᠵᠦ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠲᠤᠯᠠᠭ᠎ᠠ ᠠᠪᠴᠤ ᠰᠢᠭᠦᠬᠦ ᠶᠢ ᠬᠦᠯᠢᠶᠡᠯᠭᠡᠪᠡ᠂ 2024 ᠣᠨ ᠳᠤ ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠣᠣᠷᠠᠬᠢ ᠮᠡᠲᠦ ᠲᠠᠰᠤᠯᠤᠯᠲᠠ ᠭᠠᠷᠭᠠᠪᠠ᠄ ᠨᠢᠭᠡ᠂ ᠵᠠᠭᠠᠯᠳᠤᠭᠳᠠᠭᠴᠢ ᠲᠦᠩ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠵᠦ᠂ ᠬᠤᠶᠠᠷ ᠵᠢᠯ ᠤᠨ ᠬᠤᠭᠤᠴᠠᠭ᠎ᠠ ᠲᠠᠢ ᠬᠤᠷᠢᠬᠤ᠂ ᠭᠤᠷᠪᠠᠨ ᠵᠢᠯ ᠤᠨ ᠡᠷᠡᠭᠦᠦ ᠰᠢᠳᠬᠡᠯ ᠢ ᠨᠢ ᠬᠤᠶᠢᠰᠢᠯᠠᠭᠤᠯᠬᠤ ᠪᠠᠷ ᠰᠢᠳᠬᠡᠵᠦ᠂ ᠬᠤᠶᠠᠷ ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠬᠤᠶᠠᠷ᠂ ᠵᠠᠭᠠᠯᠳᠤᠭᠳᠠᠭᠴᠢ ᠲᠦᠩ ᠣᠪᠣᠭᠲᠤ ᠶᠢᠨ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠪᠣᠯᠬᠤ 139 ᠲᠦᠮᠡ 4000 ᠲᠥᠭᠦᠷᠢᠭ ᠢ ᠬᠠᠤᠯᠢ ᠶᠣᠰᠣᠭᠠᠷ ᠨᠡᠬᠡᠮᠵᠢᠯᠡᠨ ᠬᠤᠷᠢᠶᠠᠵᠤ᠂ ᠤᠯᠤᠰ ᠤᠨ ᠰᠠᠩ ᠳᠤ ᠲᠤᠰᠢᠶᠠᠨ᠎ᠠ  ᠃      ᠬᠠᠤᠯᠢ ᠴᠠᠭᠠᠵᠠ ᠶᠢᠨ ᠦᠨᠳᠦᠰᠦᠯᠡᠯ᠄      《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ 》       ᠭᠤᠷᠪᠠᠨ ᠵᠠᠭᠤ ᠳᠥᠴᠢᠨ ᠬᠤᠶᠠᠳᠤᠭᠠᠷ ᠵᠦᠢᠯ    【ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ  ᠪᠠᠷ ᠡᠵᠡᠯᠡᠨ ᠬᠡᠷᠡᠭᠯᠡᠭᠰᠡᠨ ᠶᠠᠯ᠎ᠠ】 ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠵᠦ᠂ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠰᠡᠨ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠤᠭᠰᠠᠨ ᠪᠥᠭᠡᠳ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠭᠡ ᠬᠡᠮᠵᠢᠶ᠎ᠡ ᠪᠠᠷ ᠡᠪᠳᠡᠵᠦ ᠰᠦᠢᠳᠬᠡᠭᠰᠡᠨ ᠪᠠᠶᠢᠪᠠᠯ᠂ ᠲᠠᠪᠤᠨ ᠵᠢᠯ ᠠᠴᠠ ᠳᠣᠭᠤᠭᠰᠢ ᠬᠤᠭᠤᠴᠠᠭ᠎ᠠ  ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠤᠶᠤ ᠲᠡᠩ ᠢᠶᠠᠷ ᠰᠢᠳᠬᠡᠨ᠎ᠡ  ᠃      ︽ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ        ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠬᠠᠤᠯᠢ ᠵᠡᠷᠭᠡ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠵᠦ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠯᠡᠯᠲᠡ ᠶᠢ ᠬᠤᠪᠢᠷᠠᠭᠤᠯᠤᠭᠰᠠᠨ ᠪᠥᠭᠡᠳ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠨᠤᠲᠤᠭ ᠪᠡᠯᠴᠢᠭᠡᠷ ᠢ ᠶᠡᠭᠡ ᠬᠡᠮᠵᠢᠶ᠎ᠡ ᠪᠠᠷ ᠡᠪᠳᠡᠵᠦ ᠰᠦᠢᠳᠬᠡᠭᠰᠡᠨ ᠪᠠᠶᠢᠪᠠᠯ᠂ ᠡᠷᠡᠭᠦᠦ  ᠶᠢᠨ ᠬᠠᠤᠯᠢ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠶᠠᠯ᠎ᠠ ᠲᠣᠭᠲᠠᠭᠠᠵᠤ ᠰᠢᠳᠬᠡᠨ᠎ᠡ  ᠃      ᠬᠤᠶᠠᠳᠤᠭᠠᠷ ᠵᠦᠢᠯ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ᠂ ᠲᠤᠭ᠎ᠠ ᠨᠢ ᠬᠤᠷᠢᠨ ᠮᠤ᠋ ᠠᠴᠠ ᠬᠡᠲᠦᠷᠡᠭᠰᠡᠨ᠂ ᠡᠰᠡᠬᠦᠯ᠎ᠡ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠠᠴᠠ ᠪᠤᠯᠵᠤ ᠵᠠᠰᠠᠭ ᠵᠠᠬᠢᠷᠭᠠᠨ ᠤ ᠰᠢᠳᠬᠡᠯ ᠣᠯᠵᠤ ᠥᠩᠭᠡᠷᠡᠭᠰᠡᠨ᠂ ᠭᠤᠷᠪᠠᠨ ᠵᠢᠯ ᠤᠨ ᠳᠣᠲᠣᠷ᠎ᠠ ᠪᠠᠰᠠ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ᠂ ᠲᠤᠭ᠎ᠠ ᠨᠢ ᠠᠷᠪᠠᠨ ᠮᠤ᠋ ᠠᠴᠠ ᠬᠡᠲᠦᠷᠡᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ 《 ᠲᠤᠭ᠎ᠠ ᠬᠡᠮᠵᠢᠶ᠎ᠡ ᠨᠢ ᠨᠡᠯᠢᠶᠡᠳ ᠶᠡᠭᠡ 》 ᠪᠠᠷ ᠮᠠᠭᠠᠳᠯᠠᠨ ᠲᠣᠭᠲᠠᠭᠠᠬᠤ ᠬᠡᠷᠡᠭᠲᠡᠢ  ᠃ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠪᠥᠭᠡᠳ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠡᠷᠡᠭᠦᠦ ᠶᠢᠨ ᠬᠠᠤᠯᠢ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠳᠠᠬᠢ 《 ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠭᠡ ᠬᠡᠮᠵᠢᠶ᠎ᠡ ᠪᠠᠷ ᠡᠪᠳᠡᠵᠦ ᠰᠦᠢᠳᠬᠡᠭᠰᠡᠨ 》 ᠢᠶᠠᠷ ᠮᠠᠭᠠᠳᠯᠠᠨ ᠲᠣᠭᠲᠠᠭᠠᠬᠤ ᠬᠡᠷᠡᠭᠲᠡᠢ᠄      ( ᠨᠢᠭᠡ ) ᠨᠤᠲᠤᠭ ᠪᠡᠯᠴᠢᠭᠡᠷ ᠢ ᠬᠠᠭᠠᠯᠪᠤᠷᠢᠯᠠᠵᠤ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ ᠂ ᠤᠢ ᠮᠣᠳᠣ ᠲᠠᠷᠢᠭᠰᠠᠨ      ( ᠬᠤᠶᠠᠷ) ᠨᠤᠲᠤᠭ ᠪᠡᠯᠴᠢᠭᠡᠷ ᠳᠡᠭᠡᠷ᠎ᠡ ᠤᠭᠤᠷᠬᠠᠶ ᠪᠠᠶᠢᠭᠤᠯᠬᠤ᠂ ᠭᠡᠷ ᠪᠠᠷᠢᠬᠤ᠂ ᠵᠠᠮ ᠵᠠᠰᠠᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠶ ᠮᠠᠯᠲᠠᠬᠤ᠂ ᠰᠢᠷᠣᠶ ᠠᠪᠬᠤ᠂ ᠡᠪᠡᠰᠦ ᠱᠠᠭᠠᠯᠬᠤ  ᠃      ( ᠭᠤᠷᠪᠠ ) ᠨᠤᠲᠤᠭ ᠪᠡᠯᠴᠢᠭᠡᠷ ᠳᠡᠭᠡᠷ᠎ᠡ ᠬᠠᠶᠠᠭᠳᠠᠮᠠᠯ ᠪᠣᠳᠠᠰ ᠢ ᠣᠪᠣᠭᠠᠯᠠᠭᠰᠠᠨ ᠪᠤᠶᠤ ᠭᠠᠳᠠᠭᠰᠢᠯᠠᠭᠤᠯᠤᠭᠠᠳ ᠨᠤᠲᠤᠭ ᠪᠡᠯᠴᠢᠭᠡᠷ ᠤᠨ ᠤᠤᠯ ᠤᠨ ᠤᠷᠭᠤᠮᠠᠯ ᠤᠨ ᠪᠦᠷᠬᠦᠴᠡ ᠶᠢ ᠬᠦᠨᠳᠦ ᠨᠣᠴᠢᠲᠠᠢ ᠡᠪᠳᠡᠭᠰᠡᠨ ᠪᠤᠶᠤ ᠬᠦᠨᠳᠦ ᠨᠣᠴᠢᠲᠠᠢ ᠪᠣᠬᠢᠷᠲᠤᠭᠤᠯᠤᠭᠰᠠᠨ︔       ( ᠲᠦᠷᠪᠡ ) ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠳᠦᠭᠡᠠ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠶᠢ ᠵᠥᠷᠢᠴᠡᠨ ᠲᠡᠵᠢᠭᠡᠯ ᠡᠪᠡᠰᠦ ᠪᠠ ᠲᠡᠵᠢᠭᠡᠯ ᠪᠣᠷᠳᠣᠭᠠᠨ ᠤ ᠲᠠᠷᠢᠮᠠᠯ ᠲᠡᠷᠢᠭᠠᠦᠠ ᠨᠤᠲᠤᠭ ᠪᠡᠯᠴᠢᠭᠡᠷ ᠢ ᠡᠯᠡᠰᠦᠵᠢᠭᠦᠯᠦᠭᠰᠡᠨ ᠪᠤᠶᠤ ᠬᠥᠷᠥᠰᠥ ᠰᠢᠷᠣᠢ ᠶᠢ ᠬᠦᠨᠳᠦ ᠨᠣᠴᠢᠲᠠᠢ ᠢᠳᠡᠭᠳᠡᠭᠦᠯᠦᠭᠰᠡᠨ︔      ( ᠲᠠᠪᠤ ) ᠨᠤᠲᠤᠭ ᠪᠡᠯᠴᠢᠭᠡᠷ ᠢ ᠬᠦᠨᠳᠦ ᠨᠣᠴᠢᠲᠠᠶ ᠡᠪᠳᠡᠭᠰᠡᠨ ᠪᠤᠰᠤᠳ ᠪᠠᠶᠢᠳᠠᠯ  ᠃       ᠳᠣᠯᠣᠳᠤᠭᠠᠷ ᠵᠦᠢᠯ ᠲᠤᠰ ᠲᠠᠶᠢᠯᠪᠤᠷᠢᠯᠠᠯᠲᠠ ᠳᠤ ᠬᠡᠯᠡᠵᠦ ᠪᠠᠶᠢᠭ᠎ᠠ 《 ᠨᠤᠲᠤᠭ ᠪᠡᠯᠴᠢᠭᠡᠷ 》 ᠭᠡᠳᠡᠭ ᠪᠣᠯ ᠪᠠᠶᠢᠭᠠᠯᠢ ᠶᠢᠨ ᠨᠤᠲᠤᠭ ᠪᠡᠯᠴᠢᠭᠡᠷ ᠪᠠ ᠲᠠᠷᠢᠮᠠᠯ ᠪᠡᠯᠴᠢᠭᠡᠷ ᠢ ᠵᠢᠭᠠᠵᠤ ᠪᠠᠶᠢᠨ᠎ᠠ᠂ ᠪᠠᠶᠢᠭᠠᠯᠢ ᠶᠢᠨ ᠨᠤᠲᠤᠭ ᠪᠡᠯᠴᠢᠭᠡᠷ ᠲᠤ ᠡᠪᠡᠰᠦᠲᠦ ᠭᠠᠵᠠᠷ᠂ ᠡᠪᠡᠰᠦᠲᠦ ᠠᠭᠤᠯᠠ ᠪᠠ ᠡᠪᠡᠰᠦᠲᠦ ᠬᠥᠲᠥᠯ ᠪᠠᠭᠲᠠᠨ᠎ᠠ᠂ ᠲᠠᠷᠢᠮᠠᠯ ᠪᠡᠯᠴᠢᠭᠡᠷ  ᠲᠤ ᠰᠠᠶᠢᠵᠢᠷᠠᠭᠤᠯᠤᠭᠰᠠᠨ ᠪᠡᠯᠴᠢᠭᠡᠷ ᠪᠠ ᠲᠠᠷᠢᠶᠠᠯᠠᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠭᠰᠡᠨ ᠭᠠᠵᠠᠷ ᠪᠠᠭᠲᠠᠨ᠎ᠠ᠂ ᠬᠤᠲᠠ ᠪᠠᠯᠭᠠᠰᠤᠨ ᠤ ᠡᠪᠡᠰᠦᠲᠦ ᠭᠠᠵᠠᠷ ᠪᠠᠭᠲᠠᠬᠤ ᠦᠭᠡᠢ  ᠃     《 ᠣᠶᠢᠲᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ ᠴᠠᠭᠠᠵᠠ  ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ 》      ᠨᠢᠭᠡᠳᠦᠭᠡᠷ ᠵᠦᠶᠯ   ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠬᠦ᠂ ᠬᠠᠤᠯᠢ ᠪᠤᠰᠤ ᠪᠠᠷ ᠣᠶᠢᠲᠤ ᠭᠠᠵᠠᠷ ᠢ ᠡᠵᠡᠯᠡᠨ ᠬᠡᠷᠡᠭᠯᠡᠬᠦ᠂ ᠡᠵᠡᠯᠡᠭᠳᠡᠭᠰᠡᠨ ᠣᠶᠢᠲᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠣᠶᠢᠲᠤ ᠭᠠᠵᠠᠷ ᠳᠡᠭᠡᠷ᠎ᠡ ᠤᠭᠤᠷᠬᠠᠶ ᠪᠠᠶᠢᠭᠤᠯᠬᠤ᠂ ᠪᠤᠯᠠᠰᠢ ᠪᠠᠶᠢᠭᠤᠯᠬᠤ᠂ ᠭᠡᠷ ᠪᠠᠷᠢᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠶ ᠮᠠᠯᠲᠠᠬᠤ᠂ ᠰᠢᠷᠣᠶ ᠠᠪᠬᠤ᠂ ᠲᠠᠷᠢᠮᠠᠯ ᠲᠠᠷᠢᠬᠤ᠂ ᠬᠠᠶᠠᠭᠳᠠᠮᠠᠯ ᠪᠣᠳᠠᠰ ᠢ ᠣᠪᠣᠭᠠᠯᠠᠬᠤ ᠪᠤᠶᠤ ᠭᠠᠳᠠᠭᠰᠢᠯᠠᠭᠤᠯᠬᠤ ᠵᠡᠷᠭᠡ ᠦᠢᠯᠡ ᠠᠵᠢᠯᠯᠠᠭ᠎ᠠ ᠪᠤᠶᠤ ᠪᠤᠰᠤᠳ ᠣᠢ ᠰᠢᠭᠤᠶ ᠶᠢᠨ ᠪᠤᠰᠤ ᠦᠢᠯᠡᠳᠪᠦᠷᠢᠯᠡᠯ ᠬᠢᠬᠦ᠂ ᠪᠠᠶᠢᠭᠤᠯᠬᠤ᠂ ᠣᠶᠢᠲᠤ ᠭᠠᠵᠠᠷ ᠤᠨ ᠤᠤᠯ ᠤᠨ ᠤᠷᠭᠤᠮᠠᠯ ᠤᠨ ᠬᠤᠴᠢᠯᠭ᠎ᠠ ᠪᠤᠶᠤ ᠣᠶ ᠰᠢᠭᠤᠶ ᠶᠢᠨ ᠲᠠᠷᠢᠮᠠᠯ ᠤᠨ ᠨᠥᠬᠦᠴᠡᠯ ᠢ ᠬᠦᠨᠳᠦ ᠨᠣᠴᠢᠲᠠᠶ ᠡᠪᠳᠡᠭᠰᠡᠨ ᠪᠤᠶᠤ ᠬᠦᠨᠳᠦ ᠨᠣᠴᠢᠲᠠᠶ ᠪᠣᠬᠢᠷᠲᠤᠭᠤᠯᠤᠭᠰᠠᠨ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ( ᠬᠤᠶᠠᠷ ) 》 ᠳᠤ ᠲᠣᠭᠲᠠᠭᠠᠭᠰᠠᠨ 《 ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠣᠶᠢᠲᠤ ᠭᠠᠵᠠᠷ ᠢ ᠶᠡᠭᠡ ᠬᠡᠮᠵᠢᠶ᠎ᠡ  ᠪᠠᠷ ᠡᠪᠳᠡᠵᠦ ᠰᠦᠢᠳᠬᠡᠭᠰᠡᠨ 》᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠬᠡᠬᠦ ᠬᠡᠷᠡᠭᠲᠡᠢ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠤᠶᠤ ᠲᠠᠩ ᠢᠶᠠᠷ ᠰᠢᠳᠬᠡᠨ᠎ᠡ᠄      ( ᠨᠢᠭᠡ ) ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠰᠡᠨ ᠬᠠᠯᠬᠠᠪᠴᠢ ᠣᠶᠢᠲᠤ ᠭᠠᠵᠠᠷ᠂ ᠣᠨᠴᠠ ᠬᠡᠷᠡᠭᠴᠡᠭᠡᠨ ᠤ ᠣᠶᠢᠲᠤ ᠭᠠᠵᠠᠷ ᠤᠨ ᠬᠡᠮᠵᠢᠶ᠎ᠡ ᠨᠢ ᠲᠤᠰ ᠲᠤᠰ ᠪᠤᠶᠤ ᠨᠡᠶᠢᠯᠡᠭᠡᠳ ᠲᠠᠪᠤᠨ ᠮᠤ᠋  ᠠᠴᠠ ᠬᠡᠲᠦᠷᠡᠭᠰᠡᠨ      ( ᠬᠤᠶᠠᠷ ) ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠰᠡᠨ ᠪᠤᠰᠤᠳ ᠣᠶᠢᠲᠤ ᠭᠠᠵᠠᠷ ᠤᠨ ᠬᠡᠮᠵᠢᠶ᠎ᠡ ᠨᠢ ᠠᠷᠪᠠᠨ ᠮᠤ᠋ ᠠᠴᠠ ᠬᠡᠲᠦᠷᠡᠭᠰᠡᠨ︔       ( ᠭᠤᠷᠪᠠ ) ᠲᠤᠰ ᠵᠦᠢᠯ ᠤᠨ ( ᠨᠢᠭᠡ ) ᠳ᠋ᠦ᠋ᠭᠡᠷ ᠵᠤᠷᠪᠤᠰ᠂ ( ᠬᠤᠶᠠᠷ ) ᠳ᠋ᠤᠭᠠᠷ ᠵᠤᠷᠪᠤᠰ ᠲᠤ ᠲᠣᠭᠲᠠᠭᠠᠭᠰᠠᠨ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠡᠳ᠂ ᠲᠤᠭ᠎ᠠ ᠬᠡᠮᠵᠢᠶ᠎ᠡ ᠨᠢ ᠲᠤᠰ ᠲᠤᠰ ᠵᠣᠬᠢᠴᠠᠩᠭᠤᠢ ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠶᠢᠨ ᠵᠠᠭᠤᠨ ᠤ ᠲᠠᠪᠢ ᠠᠴᠠ ᠬᠡᠲᠦᠷᠡᠭᠰᠡᠨ       ( ᠳᠦᠷᠪᠡ ) ᠲᠤᠰ ᠵᠦᠢᠯ ᠤᠨ ( ᠨᠢᠭᠡ ) ᠳ᠋ᠦ᠋ᠭᠡᠷ ᠵᠤᠷᠪᠤᠰ᠂ ( ᠬᠤᠶᠠᠷ ) ᠳ᠋ᠤᠭᠠᠷ ᠵᠤᠷᠪᠤᠰ ᠲᠤ ᠲᠣᠭᠲᠠᠭᠠᠭᠰᠠᠨ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠡᠳ᠂ ᠲᠡᠭᠦᠨ ᠤ ᠳᠣᠲᠣᠷᠠᠬᠢ ᠨᠢᠭᠡ ᠵᠦᠢᠯ ᠤᠨ ᠲᠤᠭ᠎ᠠ ᠬᠡᠮᠵᠢᠶ᠎ᠡ ᠨᠢ ᠵᠣᠬᠢᠴᠠᠩᠭᠤᠢ ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠶᠢᠨ ᠵᠠᠭᠤᠨ ᠤ ᠲᠠᠪᠢ ᠠᠴᠠ ᠬᠡᠲᠦᠷᠡᠭᠰᠡᠨ ᠪᠥᠭᠡᠳ ᠬᠤᠶᠠᠷ ᠵᠦᠢᠯ ᠤᠨ ᠲᠤᠭ᠎ᠠ ᠬᠡᠮᠵᠢᠶ᠎ᠡ ᠨᠢ ᠨᠡᠶᠢᠯᠡᠭᠡᠳ ᠲᠤᠰ ᠵᠤᠷᠪᠤᠰ ᠲᠤ ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠳᠤ ᠬᠦᠷᠦᠭᠰᠡᠨ        ᠬᠡᠷᠡᠭ ᠤᠨ ᠵᠢᠱᠢᠶ᠎ᠡ ᠬᠤᠶᠠᠷ   ᠵᠠᠩ ᠣᠪᠣᠭᠲᠤ ᠶᠢᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠬᠡᠷᠡᠭ      ᠬᠡᠷᠡᠭ ᠤᠨ ᠨᠠᠷᠢᠨ ᠪᠠᠶᠢᠳᠠᠯ ᠄ 2024 ᠣᠨ ᠳᠤ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠦᠳᠡ ᠶᠢᠨ ᠬᠤᠸᠠ ᠪᠠᠯᠭᠠᠰᠤ ᠶᠢᠨ ᠵᠤᠸᠠᠩ ᠳᠧᠦ ᠶᠢᠩᠽᠢ ᠲᠣᠰᠬᠤᠨ ᠤ ᠠᠷᠠᠳ ᠵᠠᠩ ᠣᠪᠣᠭᠲᠤ ᠣᠶ ᠰᠢᠭᠤᠶ ᠡᠪᠡᠰᠦ ᠪᠡᠯᠴᠢᠭᠡᠷ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠥᠬᠡᠶ  ᠪᠠᠷ᠂  ᠦᠳᠡ ᠶᠢᠨ ᠬᠤᠸᠠ ᠪᠠᠯᠭᠠᠰᠤ ᠶᠢᠨ ᠵᠤᠸᠠᠩ ᠳᠧᠦ ᠶᠢᠩᠽᠢ ᠲᠣᠰᠬᠤᠨ ᠤ ᠬᠤᠶᠢᠲᠤ ᠬᠡᠰᠡᠭ ᠤᠨ ᠳᠤᠭᠤᠶᠢᠯᠠᠩ ᠤᠨ ᠡᠮᠦᠨ᠎ᠡ ᠠᠭᠤᠯᠠ ᠶᠢᠨ ᠠᠷᠤ ᠪᠠᠷ ᠠᠲᠠᠷ ᠬᠠᠭᠠᠯᠪᠤᠷᠢᠯᠠᠵᠤ ᠬᠥᠬᠡ ᠪᠠᠷ ᠳᠠᠷᠤᠰᠢᠭᠤᠯᠬᠤ ᠡᠷᠳᠡᠨᠢ ᠰᠢᠰᠢ ᠳᠠᠷᠢᠵᠤ᠂ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠨᠢ 8 . 37 ᠮᠥ ᠪᠠᠶᠢᠪᠠ  ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠠᠶᠢᠴᠠᠭᠠᠨ ᠳᠣᠲᠣᠯᠠᠭᠰᠠᠨ ᠢᠶᠠᠷ᠂ ᠲᠣᠰ ᠬᠡᠷᠡᠭ ᠲᠤ ᠬᠤᠯᠪᠣᠭᠳᠠᠭᠰᠠᠨ ᠭᠠᠵᠠᠷ ᠤᠨ ᠲᠥᠷᠥᠯ ᠪᠣᠯ ᠪᠠᠶᠢᠭᠠᠯᠢ ᠶᠢᠨ ᠪᠡᠯᠴᠢᠭᠡᠷ ᠨᠤᠲᠤᠭ ᠪᠣᠯᠤᠨ᠎ᠠ᠂ ᠵᠠᠩ ᠣᠪᠣᠭᠲᠤ ᠶᠢᠨ ᠦᠶᠯᠡ ᠠᠵᠢᠯᠯᠠᠭ᠎ᠠ ᠨᠢ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠳᠤ ᠲᠣᠭᠠᠴᠠᠭᠳᠠᠨ᠎ᠠ᠂ ᠣᠩᠨᠢᠭᠤᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠤᠯᠢ ᠶᠣᠰᠣᠭᠠᠷ ᠵᠠᠩ ᠣᠪᠣᠭᠲᠤ ᠶᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠨᠢ ᠵᠣᠭᠰᠣᠭᠠᠯᠭᠠᠵᠤ᠂ ᠬᠤᠭᠤᠴᠠᠭ᠎ᠠ ᠲᠣᠭᠲᠠᠭᠠᠨ ᠤᠷᠭᠤᠮᠠᠯ ᠤᠨ ᠪᠦᠷᠬᠦᠴᠡ ᠶᠢ ᠰᠡᠷᠭᠦᠭᠡᠯᠭᠡᠬᠦ ᠪᠠᠷ ᠲᠣᠭᠲᠠᠭᠠᠵᠤ᠂ ᠳᠣᠤᠷᠠᠬᠢ ᠮᠡᠲᠦ ᠵᠠᠰᠠᠭ ᠵᠠᠬᠢᠷᠭᠠᠨ ᠤ ᠰᠢᠳᠬᠡᠯ ᠥᠭᠴᠡᠶ᠄ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢ ᠨᠢ 1674 . 00 ᠲᠥᠭᠦᠷᠢᠭ  ᠬᠤᠷᠢᠶᠠᠨ ᠠᠪᠬᠤ ᠶᠢᠨ ᠬᠠᠮᠲᠤ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠭᠤᠷᠪᠠᠨ ᠳᠠᠬᠢᠨ ᠵᠣᠭᠤᠰ ᠢᠶᠠᠷ 5022 . 00 ᠲᠥᠭᠦᠷᠢᠭ ᠲᠣᠷᠭᠠᠪᠠ  ᠃      ᠬᠠᠤᠯᠢ ᠴᠠᠭᠠᠵᠠ ᠶᠢᠨ ᠦᠨᠳᠦᠰᠦᠯᠡᠯ᠄     《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ 》ᠳᠥᠴᠢᠨ ᠵᠢᠷᠭᠤᠳᠤᠭᠠᠷ ᠵᠦᠢᠯ  ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠴᠠᠭᠠᠵᠠᠯᠠᠨ᠎ᠠ  ᠃ ᠬᠥᠷᠥᠰᠥ ᠰᠢᠷᠣᠢ  ᠶᠢᠨ ᠢᠳᠡᠭᠳᠡᠯ ᠬᠦᠨᠳᠦ ᠨᠣᠴᠢᠲᠠᠢ᠂ ᠡᠯᠡᠰᠦᠷᠬᠡᠭᠵᠢᠬᠦ ᠬᠠᠨᠳᠤᠰᠢ ᠲᠠᠢ᠂ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠴᠢᠬᠤᠯᠠᠲᠠᠢ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠲᠤ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ ᠪᠠᠷ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠬᠡᠷᠡᠭᠲᠡᠢ︔ ᠨᠢᠭᠡᠨᠲᠡ ᠡᠯᠡᠰᠦᠵᠢᠭᠰᠡᠨ᠂ ᠬᠤᠵᠢᠷᠰᠢᠭᠰᠠᠨ᠂ ᠬᠠᠶᠢᠷᠰᠢᠬᠰᠡᠠ ᠪᠠᠶᠢᠪᠠᠯ᠂ ᠬᠤᠭᠤᠴᠠᠭ᠎ᠠ ᠲᠣᠭᠲᠠᠭᠠᠨ ᠵᠠᠰᠠᠭᠤᠯᠬᠤ ᠬᠡᠷᠡᠭᠲᠡᠢ  ᠃      ᠵᠢᠷᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠠᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠡᠷᠡᠭᠦᠦ ᠶᠢᠨ ᠰᠢᠳᠬᠡᠯ ᠥᠭᠬᠦ ᠬᠡᠮᠵᠢᠶᠡᠨ ᠳᠤ ᠬᠦᠷᠦᠭᠰᠡᠨ ᠤᠢᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠤᠨ ᠢᠶᠠᠨ ᠶᠣᠰᠣᠭᠠᠷ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠷᠭᠤᠮᠠᠯ ᠤᠨ ᠪᠦᠷᠬᠦᠴᠡ ᠶᠢ ᠰᠡᠷᠭᠦᠭᠡᠯᠭᠡᠵᠦ᠂ ᠬᠠᠤᠯᠢ ᠪᠤᠰᠤ ᠵᠣᠭᠤᠰ ᠮᠥᠩᠭᠦ ᠡᠳ᠋ ᠪᠣᠳᠠᠰ ᠪᠠ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠡᠠ ᠠᠪᠴᠤ᠂ ᠬᠠᠤᠯᠢ  ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠠᠶᠢᠬᠤ ᠤᠢᠭᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ  ᠃ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ 》      ᠬᠠᠤᠯᠢ ᠪᠤᠰᠤ ᠪᠠᠷ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠨᠤᠲᠤᠭ ᠪᠡᠯᠴᠢᠭᠡᠷ ᠨᠢ 4 ᠮᠦ ᠳᠤ ᠬᠦᠷᠬᠦ ᠦᠭᠡᠶ ᠪᠣᠯ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠯᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠪᠦᠷᠬᠦᠴᠡ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠣᠯᠤᠨ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠣᠯᠵᠠᠪᠤᠷᠢ ᠶᠢᠨ ᠬᠢᠨᠢ 1 ᠳᠠᠬᠢᠨ ᠤ ᠵᠣᠭᠤᠰ ᠢᠶᠠᠷ ᠲᠣᠷᠭᠠᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠠᠶᠢᠪᠠᠯ᠂ ᠲᠦᠮᠡᠨ ᠲᠥᠭᠦᠷᠢᠭ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ︔      ᠬᠠᠤᠯᠢ ᠪᠤᠰᠤ ᠪᠠᠷ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠨᠢ 4 ᠮᠦ ᠠᠴᠠ ᠳᠡᠭᠡᠭᠰᠢ 8 ᠮᠦ ᠳᠤ ᠬᠦᠷᠬᠦ ᠦᠭᠡᠶ ᠪᠣᠯ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠯᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠪᠦᠷᠬᠦᠴᠡ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠣᠯᠤᠨ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠣᠯᠵᠠᠪᠤᠷᠢ ᠶᠢᠨ ᠬᠢᠨᠢ 2 ᠳᠠᠬᠢᠨ ᠢᠶᠠᠷ ᠵᠣᠭᠤᠰ ᠢᠶᠠᠷ ᠲᠣᠷᠭᠠᠨ᠎ᠠ︔ ᠬᠠᠤᠯᠢ ᠠᠴᠠ ᠵᠥᠷᠢᠴᠡᠭᠰᠡᠨ ᠣᠯᠵᠠᠪᠤᠷᠢ ᠦᠭᠡᠶ ᠪᠣᠯ 2 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ ᠨᠡᠶᠢᠯᠡᠭᠦᠯᠦᠨ ᠰᠢᠳᠬᠡᠨ᠎ᠡ︔ ᠨᠤᠲᠤᠭ ᠪᠡᠯᠴᠢᠭᠡᠷ  ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ     ᠬᠠᠤᠯᠢ ᠪᠤᠰᠤ ᠪᠠᠷ ᠬᠠᠭᠠᠯᠪᠤᠷᠢᠯᠠᠭᠰᠠᠨ ᠨᠤᠲᠤᠭ ᠪᠡᠯᠴᠢᠭᠡᠷ ᠨᠢ 8 ᠮᠦ ᠠᠴᠠ ᠳᠡᠭᠡᠭᠰᠢ 12 ᠮᠦ ᠳᠤ ᠬᠦᠷᠬᠦ ᠦᠭᠡᠶ ᠪᠣᠯ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠯᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠪᠦᠷᠬᠦᠴᠡ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠣᠯᠤᠨ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠣᠯᠵᠠᠪᠤᠷᠢ ᠶᠢᠨ 3 ᠳᠠᠬᠢᠨ ᠢᠶᠠᠷ ᠵᠣᠭᠤᠰ ᠢᠶᠠᠷ ᠲᠣᠷᠭᠠᠨ᠎ᠠ︔ ᠬᠠᠤᠯᠢ ᠠᠴᠠ ᠵᠥᠷᠢᠴᠡᠭᠰᠡᠨ ᠣᠯᠵᠠᠪᠤᠷᠢ ᠦᠭᠡᠶ ᠪᠣᠯ 3 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ ᠨᠡᠶᠢᠯᠡᠭᠦᠯᠦᠨ ᠰᠢᠳᠬᠡᠨ᠎ᠡ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ       ᠬᠠᠤᠯᠢ ᠪᠤᠰᠤ ᠪᠠᠷ ᠬᠠᠭᠠᠯᠪᠤᠷᠢᠯᠠᠭᠰᠠᠨ ᠨᠤᠲᠤᠭ ᠪᠡᠯᠴᠢᠭᠡᠷ ᠨᠢ 12 ᠮᠦ ᠠᠴᠠ ᠳᠡᠭᠡᠭᠰᠢ 16 ᠮᠦ ᠳᠤ ᠬᠦᠷᠬᠦ ᠦᠭᠡᠶ ᠪᠣᠯ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠪᠦᠷᠬᠦᠴᠡ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠤᠳᠠᠰ ᠪᠣᠯᠤᠨ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠣᠯᠵᠠᠪᠤᠷᠢ ᠶᠢᠨ 4 ᠳᠠᠬᠢᠨ ᠢᠶᠠᠷ ᠵᠣᠭᠤᠰ ᠢᠶᠠᠷ ᠲᠣᠷᠭᠠᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠠᠶᠢᠪᠠᠯ᠂ 4 ᠲᠦᠮᠡᠨ ᠲᠥᠭᠦᠷᠢᠭ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠨᠤᠲᠤᠭ ᠪᠡᠯᠴᠢᠭᠡᠷ  ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ       ᠬᠠᠤᠯᠢ ᠪᠤᠰᠤ ᠪᠠᠷ 16 ᠮᠦ ᠠᠴᠠ ᠳᠡᠭᠡᠭᠰᠢ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠪᠣᠯᠪᠠᠴᠤ ᠡᠷᠡᠭᠦᠦ  ᠶᠢᠨ ᠰᠢᠳᠬᠡᠯ ᠥᠭᠬᠦ ᠬᠡᠮᠵᠢᠶᠡᠨ ᠳᠤ ᠬᠦᠷᠬᠦ ᠦᠭᠡᠶ ᠪᠣᠯ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠪᠦᠷᠬᠦᠴᠡ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠣᠯᠤᠨ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠣᠯᠵᠠᠪᠤᠷᠢ ᠶᠢᠨ ᠬᠢᠨᠢ 5 ᠳᠠᠬᠢᠨ  ᠵᠣᠭᠤᠰ ᠢᠶᠠᠷ ᠲᠣᠷᠭᠠᠨ᠎ᠠ︔ ᠬᠠᠤᠯᠢ ᠠᠴᠠ ᠵᠥᠷᠢᠴᠡᠭᠰᠡᠨ ᠣᠯᠵᠠᠪᠤᠷᠢ ᠦᠭᠡᠶ ᠪᠣᠯ 5 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ ᠨᠡᠶᠢᠯᠡᠭᠦᠯᠦᠨ ᠰᠢᠳᠬᠡᠨ᠎ᠡ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ  ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号