ᠣᠩᠨᠢᠭᠤᠳ ᠬᠤᠰᠢᠭᠤᠨ ᠤ ᠲᠤᠲᠤᠷᠭ᠎ᠠ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠡᠬᠢ ᠡᠭᠦᠰᠦᠯ ᠢ ᠡᠷᠢᠬᠦ ᠲᠥᠷᠥᠯ ᠵᠦᠢᠯ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/4/25
     ᠣᠶᠢᠷ᠎ᠠ ᠳᠤ᠂ ᠣᠩᠨᠢᠭᠤᠳ ᠬᠤᠰᠢᠭᠤᠨ ᠤ ᠲᠤᠲᠤᠷᠭ᠎ᠠ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠡᠬᠢ ᠡᠭᠦᠰᠦᠯ ᠢ ᠨᠢ ᠡᠷᠢᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ ᠲᠣᠰ ᠲᠥᠷᠥᠯ ᠵᠦᠢᠯ ᠢ ᠣᠩᠨᠢᠭᠤᠳ ᠬᠤᠰᠢᠭᠤᠨ ᠤ ᠹᠦ᠋ ᠰᠢᠩ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠬᠡᠷᠡᠭᠵᠢᠭᠦᠯᠵᠦ᠂ ᠠᠮᠤ ᠪᠤᠳᠠᠭ᠎ᠠ ᠬᠠᠳᠠᠭᠠᠯᠠᠬᠤ᠂ ᠲᠤᠲᠤᠷᠭ᠎ᠠ ᠡᠳ᠋ᠰᠢᠭᠦᠯᠬᠦ᠂ ᠡᠯᠳᠡᠪ ᠠᠮᠤ᠂ ᠪᠤᠷᠴᠠᠭ ᠡᠳ᠋ᠰᠢᠭᠦᠯᠬᠦ᠂ ᠰᠢᠨ᠎ᠡ ᠰᠣᠷᠭᠤᠭ ᠡᠷᠳᠡᠨᠢ ᠰᠢᠰᠢ ᠡᠳ᠋ᠰᠢᠭᠦᠯᠬᠦ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠡᠬᠢ ᠰᠤᠷᠪᠤᠯᠵᠢ ᠶᠢ ᠡᠷᠢᠬᠦ ᠰᠢᠰᠲ᠋ᠧᠮ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠥᠷᠥᠯ ᠵᠦᠢᠯ ᠢ ᠪᠠᠶᠢᠭᠤᠯᠬᠤ ᠪᠠᠷ ᠴᠢᠷᠮᠠᠶᠢᠵᠤ᠂ ᠣᠩᠨᠢᠭᠤᠳ ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃       ᠲᠣᠰ ᠲᠥᠷᠥᠯ ᠵᠦᠢᠯ ᠨᠢ ᠣᠩᠨᠢᠭᠤᠳ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠡᠮᠦᠨ᠎ᠡ ᠲᠣᠭᠤᠷᠢᠭ ᠲᠤ ᠪᠠᠶᠢᠷᠢᠯᠠᠵᠤ᠂ ᠶᠡᠷᠦᠩᠬᠡᠶ ᠪᠠᠯᠠ ᠣᠷᠣᠭᠤᠯᠤᠯᠲᠠ ᠨᠢ 1.27 ᠳ᠋ᠦᠩᠰᠢᠭᠤᠷ ᠲᠥᠭᠦᠷᠢᠭ ᠲᠤ ᠬᠦᠷᠴᠦ ᠂ ᠶᠡᠷᠦᠩᠬᠡᠶ ᠡᠵᠡᠯᠡᠬᠦ ᠲᠠᠯᠠᠪᠠᠶ ᠨᠢ 88 ᠮᠥ ᠳᠤ ᠬᠦᠷᠴᠦ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠪᠠᠷᠤᠭ 5.9 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠤᠶᠠᠳᠤᠭᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ 2025 ᠣᠨ ᠤ ᠡᠴᠦᠰ ᠲᠤ ᠪᠠᠶᠢᠭᠤᠯᠵᠤ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠠᠮᠤ ᠪᠤᠳᠠᠭ᠎ᠠ 4.5 ᠲᠦᠮᠡᠨ ᠲᠣᠨ ᠬᠠᠳᠠᠭᠠᠯᠠᠬᠤ ᠶᠢ ᠪᠡᠶᠡᠯᠡᠭᠦᠯᠵᠦ᠂ ᠡᠳᠦᠷ ᠪᠦᠷᠢ ᠶᠢᠨ ᠲᠤᠲᠤᠷᠭ᠎ᠠ ᠡᠳ᠋ᠰᠢᠭᠦᠯᠬᠦ ᠬᠡᠮᠵᠢᠶ᠎ᠡ 200 ᠲᠣᠨ᠂ ᠡᠯᠳᠡᠪ ᠠᠮᠤ ᠡᠳᠦᠷ ᠪᠦᠷᠢ ᠶᠢᠨ ᠡᠳ᠋ᠰᠢᠭᠦᠯᠬᠦ ᠬᠡᠮᠵᠢᠶ᠎ᠡ 30 ᠲᠣᠨ᠂ ᠰᠢᠨ᠎ᠡ ᠰᠣᠷᠭᠤᠭ ᠡᠷᠳᠡᠨᠢ ᠰᠢᠰᠢ ᠶᠢ ᠡᠳᠦᠷ ᠪᠦᠷᠢ ᠶᠢᠨ ᠡᠳ᠋ᠰᠢᠭᠦᠯᠬᠦ ᠬᠡᠮᠵᠢᠶ᠎ᠡ 5 ᠲᠣᠨ ᠪᠠᠶᠢᠵᠤ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠪᠠᠷᠤᠭ 1 ᠳ᠋ᠦᠩᠰᠢᠭᠤᠷ ᠲᠥᠭᠦᠷᠢᠭ ᠪᠡᠶᠡᠯᠡᠭᠦᠯᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号