ᠮᠠᠨ ᠤ ᠬᠤᠰᠢᠭᠤ ᠭᠡᠷ ᠪᠦᠯᠢ ᠶᠢᠨ ᠰᠢᠯᠦᠭ ᠳᠠᠭᠤᠯᠠᠯ ᠤᠶᠠᠩᠭᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/25
        30   ᠳᠠᠬᠢ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠳᠠᠰᠢᠷᠠᠮ ᠳᠤ  ᠂ 4 ᠰᠠᠷ᠎ᠠ ᠶᠢᠨ 19 ᠤ ᠡᠳᠦᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂  ᠬᠤᠰᠢᠭᠤᠨ ᠤ ᠡᠪᠯᠡᠯ ᠤᠨ ᠬᠤᠷᠢᠶ᠎ᠠ ᠪᠣᠯᠤᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠠᠢ ᠬᠠᠮᠲᠤᠷᠠᠨ ︽ ᠪᠦᠰᠡᠭᠦᠶᠢᠴᠦᠳ ᠠᠨᠠᠷ ᠤᠨ ᠦᠷ᠎ᠡ ᠰᠢᠭ ᠪᠦᠯᠬᠦᠮᠳᠡᠨ ·   ᠰᠢᠯᠦᠭ ᠳᠠᠭᠤᠯᠠᠯ  ᠤᠶᠠᠩᠭᠠᠯᠠᠵᠤ᠂  ᠳᠤᠮᠳᠠᠳᠤ ᠶᠢᠨ ᠰᠣᠶᠣᠯ  ᠢᠶᠠᠨ  ᠤᠯᠠᠮᠵᠢᠯᠠᠨᠠᠮ︾ ᠭᠡᠬᠦ ᠬᠡᠷ ᠪᠦᠯᠢ ᠶᠢᠨ ᠰᠢᠯᠦᠭ ᠳᠠᠭᠤᠯᠠᠯ ᠤᠶᠠᠩᠭᠠᠯᠠᠨ ᠤᠩᠰᠢᠬᠤ ᠠᠵᠢᠯᠯᠠᠭ᠎ᠠ  ᠥᠷᠨᠢᠭᠦᠯᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 20 ᠭᠠᠷᠤᠢ ᠭᠡᠷ ᠪᠦᠯᠢ ᠢᠳᠡᠪᠬᠢᠲᠡᠢ ᠣᠷᠣᠯᠴᠠᠵᠤ᠂ ᠰᠣᠩᠭᠤᠳᠠᠭ ᠰᠢᠯᠦᠭ ᠳᠠᠭᠤᠯᠠᠯ ᠢ ᠤᠩᠰᠢᠬᠤ᠂ ᠲᠦᠷᠦᠭᠳᠡᠯ ᠢᠶᠠᠨ ᠬᠤᠪᠢᠶᠠᠯᠴᠠᠬᠤ ᠵᠡᠷᠭᠡ ᠬᠡᠯᠪᠡᠷᠢ ᠪᠠᠷ ᠤᠯᠠᠮᠵᠢᠯᠠᠯᠲᠤ ᠰᠣᠶᠣᠯ᠂ ᠰᠤᠷᠭᠠᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠢ ᠭᠦᠨᠵᠡᠭᠡᠢ ᠠᠭᠤᠰᠤᠯᠴᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃  
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号