ᠤᠯᠠᠭᠠᠨᠬᠠᠳᠠ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ  ᠮᠠᠨ ᠤ ᠬᠤᠰᠢᠭᠤᠨ ᠳᠤ ᠤᠶᠢᠵᠢᠭᠤᠯᠤᠯᠳᠠ  ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/28
      4 ᠰᠠᠷ᠎ᠠ ᠶᠢᠨ 25 ᠤ ᠡᠳᠦᠷ᠂ ᠤᠯᠠᠭᠠᠨᠬᠠᠳᠠ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ᠂ ᠣᠩᠨᠢᠭᠤᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ  ᠂ ᠣᠩᠨᠢᠭᠤᠳ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ︽ᠨᠠᠮ  ᠢᠶᠠᠨ ᠡᠷᠡᠰ ᠳᠠᠭᠠᠵᠤ  ᠂ ᠰᠢᠨ᠎ᠡ ᠠᠶᠠᠨ ᠳᠤ ᠡᠷᠡᠯᠬᠡᠭᠯᠡᠨ  ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠠᠮᠢ ᠠᠬᠤᠢ ᠶᠢᠨ ᠤᠢ ᠶᠢ ᠬᠠᠮᠲᠤ ᠪᠠᠷ ᠤᠶᠢᠵᠢᠭᠤᠯᠵᠤ᠂ ᠤᠮᠠᠷᠠᠲᠤ ᠬᠢᠯᠢ ᠶᠢᠨ ᠡᠮᠡᠭᠲᠡᠶᠢᠴᠦᠳ ᠰᠢᠨ᠎ᠡ ᠴᠠᠭ ᠦᠶ᠎ᠡ ᠳᠤ ᠭᠠᠪᠢᠶ᠎ᠠ  ᠪᠠᠶᠢᠭᠤᠯᠬᠤ︾ ᠭᠤᠣᠯ ᠰᠡᠳᠦᠪᠲᠦ ᠠᠵᠢᠯᠯᠠᠭ᠎ᠠ  ᠦᠷᠨᠢᠭᠦᠯᠪᠡ᠃  ᠤᠯᠠᠭᠠᠨᠬᠠᠳᠠ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠶᠠᠩ ᠶᠦᠨ ᠠᠵᠢᠯᠯᠠᠭ᠎ᠠ ᠳᠤ ᠣᠷᠣᠯᠴᠠᠪᠠ᠃      ᠲᠣᠰ ᠤᠳᠠᠭᠠᠨ ᠤ ᠠᠵᠢᠯᠯᠠᠭ᠎ᠠ ᠪᠣᠯ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠠᠴᠠ ᠥᠷᠭᠡᠨ ᠣᠯᠠᠨ ᠡᠮᠡᠭᠲᠡᠶᠢᠴᠦᠳ ᠢ  ᠳᠠᠶᠢᠴᠢᠯᠠᠨ᠂  ᠰᠢ ᠶᠢᠨ ᠫᠢᠩ ᠶᠠᠷᠥᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠵᠤ᠂  ᠪᠦᠬᠦ ᠬᠤᠲᠠ ᠶᠢᠨ ᠬᠤᠶᠠᠷ ᠶᠡᠭᠡ ᠡᠯᠡᠰᠥᠷᠬᠡᠭ ᠤᠷᠤᠨ  ᠢ ᠰᠦᠨᠥᠭᠡᠬᠦ ᠳᠠᠶᠢᠯᠠᠯᠳᠤᠭᠠᠨ   ᠳᠤ ᠲᠤᠰᠠ ᠳᠡᠮᠵᠢᠯᠭᠡ ᠪᠤᠯᠤᠭᠰᠠᠨ ᠪᠠᠰᠠ ᠨᠢᠭᠡᠨ ᠤᠳᠠᠭᠠᠨ ᠤ ᠤᠶᠢᠵᠢᠭᠤᠯᠤᠯᠳᠠ  ᠶᠢᠨ ᠬᠠᠮ  ᠲᠠᠶᠢᠯᠠᠯᠳᠤᠭᠠᠨ ᠪᠤᠯᠬᠤ ᠶᠤᠮ᠃ ᠣᠶᠢᠷ᠎ᠠ ᠶᠢᠨ ᠵᠢᠯ ᠳᠤ᠂ ᠪᠥᠬᠦ ᠬᠤᠲᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠨᠢ ᠡᠮᠡᠭᠲᠡᠶᠢᠴᠦᠳ ᠪᠠ  ᠲᠡᠳᠡᠨᠠᠷ ᠤᠨ ᠭᠡᠷ ᠪᠦᠯᠢ ᠶᠢ ᠢᠳᠡᠪᠬᠢᠲᠡᠶ ᠳᠠᠶᠢᠴᠢᠯᠠᠨ  ᠂ ᠨᠤᠲᠤᠭ ᠳᠡᠪᠢᠰᠭᠡᠷ ᠢ ᠨᠣᠭᠤᠭᠠᠷᠠᠭᠤᠯᠬᠤ᠂  ᠡᠯᠡᠰᠥᠷᠬᠡᠭᠵᠢᠯ ᠢ ᠰᠡᠷᠭᠡᠶᠢᠯᠡᠨ ᠵᠠᠰᠠᠬᠤ ᠳᠤ ᠣᠷᠣᠯᠴᠠᠭᠤᠯᠵᠤ᠂ ︽ᠡᠮᠡᠭᠲᠡᠶᠢᠴᠦᠳ ᠤᠨ ᠠᠮᠢ ᠠᠬᠤᠶ ᠶᠢᠨ ᠣᠶ︾ ᠵᠡᠷᠭᠡ ᠣᠨᠴᠠᠯᠢᠭᠲᠤ ᠠᠴᠢᠶᠠᠯᠠᠪᠤᠷᠢ ᠪᠠᠷ ᠳᠠᠮᠵᠢᠭᠤᠯᠤᠨ᠂ ᠨᠡᠶᠢᠲᠡ 2 ᠲᠦᠮᠡ ᠭᠠᠷᠤᠶ ᠰᠠᠭᠤᠷᠢ ᠮᠣᠳᠣ  ᠵᠠᠶᠢᠯᠠᠵᠤ  ᠂ ᠬᠡᠳᠦᠨ ᠮᠢᠩᠭᠠᠨ ᠬᠡᠷ ᠪᠦᠯᠢ ᠶᠢ ᠳᠠᠶᠢᠴᠢᠯᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠴᠢ᠂  ᠪᠤᠯᠪᠠᠰᠤᠨ ᠠᠮᠢᠳᠤᠷᠠᠯ ᠤᠨ ᠦᠢᠯᠡᠳᠦᠯᠭᠡᠵᠢᠭᠦᠯᠦᠭᠴᠢ  ᠪᠤᠯᠭᠠᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号