| ᠣᠢ ᠰᠢᠭᠤᠶ ᠨᠤᠲᠤᠭ ᠪᠡᠯᠴᠢᠭᠡᠷ ᠤᠨ ᠨᠤᠭᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ | ᠶᠢ ᠦᠨᠡᠨᠬᠦ ᠴᠢᠩᠭᠠᠳᠬᠠᠬᠤ ᠶᠢᠨ ᠲᠥᠯᠥᠭᠡ᠂ ᠣᠩᠨᠢᠭᠤᠳ ᠬᠤᠰᠢᠭᠤ ᠣᠶ ᠰᠢᠭᠤᠶ ᠨᠤᠲᠤᠭ ᠪᠡᠯᠴᠢᠭᠡᠷ ᠢ ᠡᠪᠳᠡᠬᠦ | ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 《 ᠬᠥᠬᠡᠮᠳᠦᠭ | ᠨᠣᠭᠤᠭᠠᠨ ᠠᠭᠤᠯᠠ ᠤᠰᠤ 》 ᠶᠢ ᠦᠨᠡᠨ ᠬᠦ ᠰᠠᠬᠢᠨ ᠬᠠᠮᠠᠭᠠᠯᠠᠵᠤ ᠪᠠᠶᠢᠨ᠎ᠠ ᠃ ᠣᠳᠣᠬᠠᠨ ᠪᠣᠯᠲᠠᠯ᠎ᠠ ᠨᠢᠭᠡᠨᠲᠡ | ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠣᠯᠠᠨ ᠬᠡᠷᠡᠭ ᠢ ᠪᠠᠶᠢᠴᠠᠭᠠᠨ ᠰᠢᠶᠳᠪᠦᠷᠢᠯᠡᠭᠰᠡᠨ ᠤ ᠬᠠᠮᠲᠤ᠂ 《 | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ 》᠂ 《 ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ 》᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠣᠶ ᠰᠢᠭᠤᠶ ᠶᠢᠨ ᠬᠠᠤᠯᠢ ᠶᠢ ᠬᠡᠷᠡᠭᠵᠢᠭᠦᠯᠬᠦ ᠲᠦᠷᠢᠮ 》᠂ 《 ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ | ᠴᠢᠯᠥᠭᠡᠲᠦ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ 》᠂ 《 ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ | ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ 》 ᠵᠡᠷᠭᠡ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ᠂ ᠬᠠᠤᠯᠢ ᠠᠴᠠ ᠵᠥᠷᠢᠴᠡᠭᠰᠡᠨ ᠬᠥᠮᠦᠰ ᠲᠤ ᠵᠣᠬᠢᠬᠤ ᠰᠢᠳᠬᠡᠯ ᠥᠭᠪᠡ ᠃ ᠣᠳᠣ ᠨᠡᠶᠢᠲᠡᠯᠢᠭ ᠬᠡᠷᠡᠭ | ᠤᠨ ᠵᠢᠱᠢᠶ᠎ᠡ ᠶᠢ ᠳᠣᠣᠷᠠᠬᠢ ᠮᠡᠲᠦ ᠨᠡᠶᠢᠲᠡᠯᠡᠶ᠎ᠡ᠄ ᠃ | ᠬᠡᠷᠡᠭ ᠤᠨ ᠵᠢᠱᠢᠶ᠎ᠡ ᠨᠢᠭᠡ ᠹᠠᠨ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠬᠡᠷᠡᠭ | ᠯᠢᠶᠤᠤᠨᠢᠩ ᠮᠤᠵᠢ ᠶᠢᠨ ᠵᠢᠨᠵᠧᠦ ᠬᠤᠲᠠ ᠶᠢᠨ ᠹᠠᠨ ᠣᠪᠣᠭᠲᠤ᠂ ᠣᠩᠨᠢᠭᠤᠳ ᠬᠤᠰᠢᠭᠤᠨ ᠤ ᠨᠢᠭᠡᠨ | ᠲᠠᠷᠢᠶᠠᠯᠠᠩ ᠮᠠᠯ ᠠᠵᠤ ᠠᠬᠤᠶ ᠶᠢᠨ ᠺᠣᠮᠫᠠᠨᠢ ᠶᠢᠨ ᠬᠠᠤᠯᠢ ᠶᠢᠨ ᠡᠷᠬᠡᠲᠡᠨ ᠵᠢᠴᠢ ᠬᠡᠷᠡᠭ ᠮᠡᠳᠡᠭᠴᠢᠳ ᠤᠨ ᠳᠠᠷᠤᠭ᠎ᠠ ᠂ | 2011 ᠣᠨ᠂ 2017 ᠣᠨ ᠳᠤ ᠣᠩᠨᠢᠭᠤᠳ ᠬᠤᠰᠢᠭᠤᠨ ᠤ ᠪᠠᠶᠠᠨᠲᠣᠬᠤᠶ ᠰᠤᠮᠤᠨ ᠤ ᠱᠤᠸᠠᠩ ᠾᠧ | ᠭᠠᠴᠠᠭᠠᠨ ᠤ ᠠᠷᠠᠳ ᠲᠠᠢ 《ᠡᠯᠡᠰᠦᠷᠬᠡᠭ ᠭᠠᠵᠠᠷ ᠪᠠ ᠨᠠᠮᠤᠭ ᠭᠠᠵᠠᠷ ᠤᠨ ᠳᠠᠭᠠᠭᠠᠴᠢᠯᠠᠯᠲᠠ ᠶᠢᠨ ᠭᠡᠷ᠎ᠡ 》 | ᠲᠣᠭᠲᠠᠵᠤ᠂ ᠪᠠᠷᠤᠭ 10000 ᠮᠥ ᠭᠠᠵᠠᠷ ᠰᠢᠷᠣᠶ ᠳᠠᠭᠠᠭᠠᠴᠢᠯᠠᠵᠤ᠂ 2019 ᠣᠨ᠂ 2022 ᠣᠨ ᠳᠤ ᠹᠠᠨ | ᠣᠪᠣᠭᠲᠤ ᠭᠠᠵᠠᠷ ᠰᠢᠷᠣᠶ ᠶᠢ ᠲᠡᠭᠰᠢᠯᠡᠵᠦ᠂ 2023 ᠣᠨ ᠤ 3 ᠰᠠᠷ᠎ᠠ ᠳᠤ 1300 ᠮᠥ ᠭᠠᠵᠠᠷ ᠰᠢᠷᠣᠶ ᠶᠢ | ᠲᠡᠭᠰᠢᠯᠡᠵᠦ ᠳᠠᠭᠤᠰᠬᠠᠭᠰᠠᠨ ᠪᠥᠭᠡᠳ ᠰᠦᠷᠴᠢᠨ ᠤᠰᠤᠯᠠᠯᠲᠠ ᠤᠭᠰᠠᠷᠠᠭᠰᠠᠨ ᠪᠠᠶᠢᠨ᠎ᠠ ᠃ 2023 ᠣᠨ ᠤ 5 | ᠰᠠᠷ᠎ᠠ ᠳᠤ᠂ ᠣᠩᠨᠢᠭᠤᠳ ᠬᠤᠰᠢᠭᠤᠨ ᠤ ᠪᠠᠶᠠᠨᠲᠣᠬᠤᠢ ᠰᠤᠮᠤ ᠶᠢᠨ ᠵᠠᠰᠠᠭ ᠤᠨ ᠣᠷᠳᠣᠨ ᠹᠠᠨ ᠣᠪᠣᠭᠲᠤ ᠳᠤ | 《ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 》 ᠪᠠᠭᠤᠯᠭᠠᠵᠤ᠂ ᠠᠲᠠᠷ ᠬᠠᠭᠠᠯᠪᠤᠷᠢᠯᠠᠭᠰᠠᠨ | ᠭᠠᠵᠠᠷ ᠤᠨ ᠳᠣᠲᠣᠷ᠎ᠠ ᠣᠶᠢᠲᠤ ᠭᠠᠵᠠᠷ ᠪᠠ ᠨᠤᠲᠤᠭ ᠪᠡᠯᠴᠢᠭᠡᠷ ᠠᠭᠤᠯᠵᠤ ᠪᠠᠶᠢᠬᠤ ᠶᠢ ᠮᠡᠳᠡᠭᠳᠡᠵᠦ᠂ ᠬᠠᠤᠯᠢ ᠶᠢ | ᠵᠥᠷᠢᠴᠡᠭᠰᠡᠨ ᠦᠶᠯᠡ ᠠᠵᠢᠯᠯᠠᠭ᠎ᠠ ᠪᠠᠨ ᠵᠣᠭᠰᠣᠭᠠᠬᠤ ᠶᠢᠨ ᠬᠠᠮᠲᠤ 2023 ᠣᠨ ᠤ 6 ᠰᠠᠷ᠎ᠠ ᠶᠢᠨ 15 ᠤ | ᠡᠳᠦᠷ ᠠᠴᠠ ᠡᠮᠦᠨ᠎ᠡ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠡᠷᠡᠭᠲᠡᠶ ᠭᠡᠵᠦ ᠱᠠᠭᠠᠷᠳᠠᠪᠠ ᠃ ᠹᠠᠨ ᠣᠪᠣᠭᠲᠤ | 《 ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 》 ᠢ ᠣᠯᠤᠭᠰᠠᠨ ᠤ ᠳᠠᠷᠠᠭ᠎ᠠ᠂ ᠬᠡᠷᠡᠭ ᠲᠤ | ᠬᠤᠯᠪᠣᠭᠳᠠᠭᠰᠠᠨ ᠭᠠᠵᠠᠷ ᠤᠨ ᠬᠡᠰᠡᠭ ᠲᠤ ᠣᠶᠢᠲᠤ ᠭᠠᠵᠠᠷ᠂ ᠨᠤᠲᠤᠭ ᠪᠡᠯᠴᠢᠭᠡᠷ ᠠᠭᠤᠯᠤᠭᠳᠠᠵᠤ ᠪᠠᠶᠢᠬᠤ ᠶᠢ | ᠲᠣᠳᠣᠷᠬᠠᠶ ᠮᠡᠳᠡᠵᠦ ᠪᠠᠶᠢᠭ᠎ᠠ ᠪᠠᠶᠢᠳᠠᠯ ᠳᠣᠤᠷ᠎ᠠ᠂ ᠮᠥᠨ ᠬᠦ 2023 ᠣᠨ ᠤ 5 ᠳ᠋ᠤᠭᠠᠷ ᠰᠠᠷ᠎ᠠ ᠶᠢᠨ 10 ᠤ | ᠡᠳᠦᠷ᠂ 5 ᠳ᠋ᠤᠭᠠᠷ ᠰᠠᠷ᠎ᠠ ᠶᠢᠨ 20 ᠤ ᠡᠳᠦᠷ ᠭᠠᠵᠠᠷ ᠰᠢᠷᠣᠶ ᠶᠢ ᠪᠤᠰᠤᠳ ᠬᠥᠮᠦᠨ ᠳᠤ ᠲᠣᠰ ᠲᠣᠰ 700 ᠮᠥ | ᠂ 980 ᠮᠥ ᠰᠢᠯᠵᠢᠭᠦᠯᠦᠨ ᠳᠠᠭᠠᠭᠠᠴᠢᠯᠠᠭᠤᠯᠬᠤ ᠶᠢᠨ ᠬᠠᠮᠲᠤ ᠲᠠᠷᠢᠮᠠᠯ ᠳᠠᠷᠢᠬᠤ ᠶᠢ ᠵᠥᠪᠰᠢᠶᠡᠷᠡᠪᠡ ᠃ | ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠪᠠᠷ ᠳᠡᠮᠵᠢᠨ ᠹᠠᠨ ᠣᠪᠣᠭᠲᠤ 365 . 12 ᠮᠥ ᠣᠶᠢᠲᠤ | ᠭᠠᠵᠠᠷ ᠢ ᠬᠠᠭᠠᠯᠪᠤᠷᠢᠯᠠᠵᠤ᠂ 678 ᠮᠥ ᠪᠠᠶᠢᠭᠠᠯᠢ ᠶᠢᠨ ᠪᠡᠯᠴᠢᠭᠡᠷ ᠢ ᠬᠠᠭᠠᠯᠪᠤᠷᠢᠯᠠᠵᠤ᠂ 143 . 21 ᠮᠥ | ᠪᠤᠰᠤᠳ ᠪᠡᠯᠴᠢᠭᠡᠷ ᠢ ᠬᠠᠭᠠᠯᠪᠤᠷᠢᠯᠠᠵᠤ᠂ ᠡᠷᠳᠡᠨᠢ ᠰᠢᠰᠢ᠂ ᠨᠡᠷᠡᠨ ᠬᠤᠸᠠᠷ ᠳᠠᠷᠢᠵᠤ᠂ ᠣᠶᠢᠲᠤ ᠭᠠᠵᠠᠷ᠂ ᠨᠤᠲᠤᠭ | ᠪᠡᠯᠴᠢᠭᠡᠷ ᠤᠨ ᠤᠤᠯ ᠤᠨ ᠤᠷᠭᠤᠮᠠᠯ ᠤᠨ ᠬᠤᠴᠢᠯᠭ᠎ᠠ ᠶᠢ ᠪᠦᠬᠦᠨ ᠢ ᠡᠪᠳᠡᠵᠦ᠂ ᠡᠪᠳᠡᠭᠳᠡᠭᠰᠡᠨ ᠬᠡᠮᠵᠢᠶ᠎ᠡ ᠨᠢ | ᠬᠦᠨᠳᠦ ᠨᠣᠴᠢᠲᠠᠶ ᠪᠠᠶᠢᠵᠤ᠂ ᠣᠶᠢᠲᠤ ᠭᠠᠵᠠᠷ᠂ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠪᠠ ᠃ | 2023 ᠣᠨ ᠤ 11 ᠰᠠᠷ᠎ᠠ ᠶᠢᠨ 24 ᠤ ᠡᠳᠦᠷ ᠹᠠᠨ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ | ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠵᠦ ᠣᠩᠨᠢᠭᠤᠳ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠲᠤᠯᠠᠭ᠎ᠠ ᠠᠪᠴᠤ ᠰᠢᠭᠦᠬᠦ ᠶᠢ ᠬᠦᠯᠢᠶᠡᠪᠡ︔ 2024 ᠣᠨ ᠤ 3 | ᠰᠠᠷ᠎ᠠ ᠳᠤ ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠭᠦᠯᠲᠡ ᠪᠠᠷ ᠳᠠᠮᠵᠢᠭᠠᠳ᠂ ᠹᠠᠨ | ᠣᠪᠣᠭᠲᠤ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠵᠦ᠂ ᠣᠶᠢᠲᠤ ᠭᠠᠵᠠᠷ᠂ | ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠤ ᠳᠠᠷᠠᠭ᠎ᠠ᠂ | ᠨᠢᠭᠡᠨᠲᠡ ᠬᠠᠭᠠᠯᠪᠤᠷᠢᠯᠠᠭᠰᠠᠨ ᠣᠶᠢᠲᠤ ᠭᠠᠵᠠᠷ᠂ ᠨᠤᠲᠤᠭ ᠪᠡᠯᠴᠢᠭᠡᠷ ᠤᠨ ᠭᠠᠵᠠᠷ ᠰᠢᠷᠣᠶ ᠶᠢᠨ ᠰᠢᠨᠵᠢ ᠴᠢᠨᠠᠷ ᠢ | ᠨᠢᠭᠤᠨ ᠳᠠᠯᠳᠠᠯᠠᠵᠤ ᠭᠠᠳᠠᠭᠰᠢ ᠳᠠᠭᠠᠭᠠᠴᠢᠯᠠᠭᠤᠯᠤᠭᠰᠠᠨ ᠠᠴᠠ ᠳᠠᠭᠠᠭᠠᠴᠢᠯᠠᠭᠴᠢ ᠦᠷᠭᠦᠯᠵᠢᠯᠡᠨ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠣᠶᠢᠲᠤ ᠭᠠᠵᠠᠷ᠂ ᠨᠤᠲᠤᠭ ᠪᠡᠯᠴᠢᠭᠡᠷ ᠲᠤ ᠠᠮᠤ ᠪᠤᠳᠠᠭᠠᠨ ᠤ ᠲᠠᠷᠢᠮᠠᠯ ᠳᠠᠷᠢᠵᠤ᠂ ᠡᠵᠡᠯᠡᠨ | ᠬᠡᠷᠡᠭᠯᠡᠭᠳᠡᠭᠰᠡᠨ ᠣᠶᠢᠲᠤ ᠭᠠᠵᠠᠷ᠂ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠵᠤ᠂ ᠲᠤᠭ᠎ᠠ ᠬᠡᠮᠵᠢᠶ᠎ᠡ ᠨᠢ | ᠨᠡᠯᠢᠶᠡᠳ ᠶᠡᠭᠡ ᠪᠠᠶᠢᠵᠤ᠂ ᠣᠶᠢᠲᠤ ᠭᠠᠵᠠᠷ᠂ ᠨᠤᠲᠤᠭ ᠪᠡᠯᠴᠢᠭᠡᠷ ᠢ ᠶᠡᠭᠡ ᠬᠡᠮᠵᠢᠶ᠎ᠡ ᠪᠠᠷ ᠡᠪᠳᠡᠵᠦ ᠰᠦᠶᠳᠬᠡᠭᠰᠡᠨ | ᠪᠣᠯᠬᠤᠷ ᠲᠡᠭᠦᠨ ᠤ ᠦᠶᠯᠡ ᠠᠵᠢᠯᠯᠠᠭ᠎ᠠ ᠨᠢ ᠨᠢᠭᠡᠨᠲᠡ ᠬᠠᠤᠯᠢ ᠪᠤᠰᠤ ᠪᠠᠷ ᠲᠠᠷᠢᠶᠠᠯᠠᠩ ᠳᠤ ᠬᠡᠷᠡᠭᠯᠡᠬᠦ ᠭᠠᠵᠠᠷ ᠢ | ᠡᠵᠡᠯᠡᠨ ᠬᠡᠷᠡᠭᠯᠡᠭᠰᠡᠨ ᠶᠠᠯ᠎ᠠ ᠪᠣᠯᠵᠣ ᠪᠦᠷᠢᠯᠳᠦᠵᠡᠶ ᠃ ᠲᠠᠰᠤᠯᠤᠯᠲᠠ ᠨᠢ ᠳᠣᠣᠷᠠᠬᠢ ᠮᠡᠲᠦ᠄ ᠨᠢᠭᠡ᠂ | ᠵᠠᠭᠠᠯᠳᠤᠭᠳᠠᠭᠴᠢ ᠹᠠᠨ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ | ᠶᠠᠯ᠎ᠠ ᠬᠢᠭᠰᠡᠨ ᠪᠣᠯᠬᠤᠷ ᠨᠢᠭᠡ ᠵᠢᠯ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠡᠷᠡᠭᠦᠦ ᠰᠢᠳᠬᠡᠯ ᠢ ᠬᠤᠶᠠᠷ ᠵᠢᠯ | ᠬᠤᠶᠢᠰᠢᠯᠠᠭᠤᠯᠬᠤ ᠶᠢᠨ ᠬᠠᠮᠲᠤ ᠠᠷᠠᠳ ᠤᠨ ᠵᠣᠭᠤᠰ ᠢᠶᠠᠷ ᠬᠤᠶᠠᠷ ᠲᠦᠮᠡᠨ ᠲᠥᠭᠦᠷᠢᠭ ᠲᠣᠷᠭᠠᠬᠤ ᠪᠠᠷ | ᠨᠡᠶᠢᠯᠡᠭᠦᠯᠦᠨ ᠰᠢᠳᠬᠡᠨ᠎ᠡ︔ ᠬᠤᠶᠠᠷ᠂ ᠵᠠᠭᠠᠯᠳᠤᠭᠳᠠᠭᠴᠢ ᠹᠠᠨ ᠣᠪᠣᠭᠲᠤ ᠶᠢᠨ ᠬᠠᠤᠯᠢ ᠶᠢ ᠵᠥᠷᠢᠴᠡᠵᠦ ᠣᠯᠤᠭᠰᠠᠨ | ᠭᠤᠴᠢᠨ ᠵᠢᠷᠭᠤᠭᠠᠨ ᠲᠦᠮᠡᠨ ᠲᠥᠭᠦᠷᠢᠭ ᠢ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠵᠤ᠂ ᠤᠯᠤᠰ ᠤᠨ ᠰᠠᠩ | ᠳᠤ ᠲᠤᠰᠢᠶᠠᠨ᠎ᠠ ᠃ | ᠬᠠᠤᠯᠢ ᠴᠠᠭᠠᠵᠠ ᠶᠢᠨ ᠦᠨᠳᠦᠰᠦᠯᠡᠯ᠄ | 《 ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ 》 ᠶᠢᠨ ᠭᠤᠷᠪᠠᠨ | ᠵᠠᠭᠤ ᠳᠥᠴᠢᠨ ᠬᠤᠶᠠᠳᠤᠭᠠᠷ ᠵᠦᠢᠯ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠵᠦ᠂ | ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠵᠦ᠂ ᠡᠵᠡᠯᠡᠨ ᠬᠡᠷᠡᠭᠯᠡᠭᠰᠡᠨ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠤᠭᠰᠠᠨ ᠪᠥᠭᠡᠳ ᠲᠤᠭ᠎ᠠ | ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ | ᠭᠠᠵᠠᠷ ᠢ ᠶᠡᠭᠡ ᠬᠡᠮᠵᠢᠶ᠎ᠡ ᠪᠠᠷ ᠡᠪᠳᠡᠵᠦ ᠰᠦᠢᠳᠬᠡᠭᠰᠡᠨ ᠪᠠᠶᠢᠪᠠᠯ᠂ ᠲᠠᠪᠤᠨ ᠵᠢᠯ ᠠᠴᠠ ᠳᠣᠭᠤᠭᠰᠢ ᠬᠤᠭᠤᠴᠠᠭ᠎ᠠ | ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ | ᠰᠢᠳᠬᠡᠬᠦ ᠪᠤᠶᠤ ᠲᠡᠩ ᠢᠶᠠᠷ ᠰᠢᠳᠬᠡᠨ᠎ᠡ ᠃ | 《 ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ | ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ | 》 | ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠬᠠᠤᠯᠢ ᠵᠡᠷᠭᠡ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ | ᠲᠣᠭᠲᠠᠭᠠᠯ ᠢ ᠵᠥᠷᠢᠴᠡᠵᠦ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ | ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠯᠡᠯᠲᠡ ᠶᠢ ᠬᠤᠪᠢᠷᠠᠭᠤᠯᠤᠭᠰᠠᠨ ᠪᠥᠭᠡᠳ ᠲᠤᠭ᠎ᠠ ᠬᠡᠮᠵᠢᠶ᠎ᠡ ᠨᠢ | ᠨᠡᠯᠢᠶᠡᠳ ᠶᠡᠭᠡ ᠪᠠᠶᠢᠵᠤ᠂ ᠨᠤᠲᠤᠭ ᠪᠡᠯᠴᠢᠭᠡᠷ ᠢ ᠶᠡᠭᠡ ᠬᠡᠮᠵᠢᠶ᠎ᠡ ᠪᠠᠷ ᠡᠪᠳᠡᠵᠦ ᠰᠦᠢᠳᠬᠡᠭᠰᠡᠨ ᠪᠠᠶᠢᠪᠠᠯ᠂ ᠡᠷᠡᠭᠦᠦ | ᠶᠢᠨ ᠬᠠᠤᠯᠢ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠲᠠᠷᠢᠶᠠᠯᠠᠩ ᠳᠤ | ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠶᠠᠯ᠎ᠠ ᠲᠣᠭᠲᠠᠭᠠᠵᠤ ᠰᠢᠳᠬᠡᠨ᠎ᠡ ᠃ | ᠬᠤᠶᠠᠳᠤᠭᠠᠷ ᠵᠦᠢᠯ ᠤᠨ ᠨᠢᠭᠡᠳᠦᠭᠡᠷ ᠵᠣᠷᠪᠣᠰ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ᠂ ᠲᠤᠭ᠎ᠠ | ᠬᠡᠮᠵᠢᠶ᠎ᠡ ᠨᠢ ᠬᠤᠷᠢᠨ ᠮᠤ᠋ ᠠᠴᠠ ᠬᠡᠲᠦᠷᠡᠭᠰᠡᠨ᠂ ᠡᠰᠡᠬᠦᠯ᠎ᠡ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ ᠠᠴᠠ ᠪᠤᠯᠵᠤ ᠵᠠᠰᠠᠭ ᠵᠠᠬᠢᠷᠭᠠᠨ ᠤ ᠰᠢᠳᠬᠡᠯ ᠣᠯᠵᠤ ᠥᠩᠭᠡᠷᠡᠭᠰᠡᠨ᠂ ᠭᠤᠷᠪᠠᠨ ᠵᠢᠯ ᠤᠨ ᠳᠣᠲᠣᠷ᠎ᠠ | ᠪᠠᠰᠠ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ | ᠤᠨ ᠬᠡᠷᠡᠭᠴᠡᠭᠡ ᠶᠢ ᠬᠤᠪᠢᠷᠠᠭᠤᠯᠤᠭᠰᠠᠨ᠂ ᠲᠤᠭ᠎ᠠ ᠬᠡᠮᠵᠢᠶ᠎ᠡ ᠨᠢ ᠠᠷᠪᠠᠨ ᠮᠤ᠋ ᠠᠴᠠ ᠬᠡᠲᠦᠷᠡᠭᠰᠡᠨ ᠪᠠᠶᠢᠪᠠᠯ᠂ ᠡᠷᠡᠭᠦᠦ | ᠶᠢᠨ ᠬᠠᠤᠯᠢ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ 《 ᠲᠤᠭ᠎ᠠ ᠬᠡᠮᠵᠢᠶ᠎ᠡ ᠨᠢ | ᠨᠡᠯᠢᠶᠡᠳ ᠶᠡᠭᠡ 》 ᠪᠠᠷ ᠮᠠᠭᠠᠳᠯᠠᠨ ᠲᠣᠭᠲᠠᠭᠠᠬᠤ ᠬᠡᠷᠡᠭᠲᠡᠢ ᠃ | ᠬᠤᠶᠠᠳᠤᠭᠠᠷ ᠵᠦᠢᠯ ᠤᠨ ᠬᠤᠶᠠᠳᠤᠭᠠᠷ ᠬᠡᠰᠡᠭ ᠤᠨ ( ᠨᠢᠭᠡ ) ᠳ᠋ᠦ᠋ᠭᠡᠷ ᠵᠤᠷᠪᠤᠰ ᠲᠤ ᠨᠤᠲᠤᠭ ᠪᠡᠯᠴᠢᠭᠡᠷ | ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠯᠡᠯᠲᠡ ᠶᠢ | ᠬᠤᠪᠢᠷᠠᠭᠤᠯᠤᠭᠰᠠᠨ ᠪᠥᠭᠡᠳ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠳᠣᠣᠷ᠎ᠠ ᠵᠢᠭᠰᠠᠭᠠᠭᠰᠠᠨ ᠪᠠᠶᠢᠳᠠᠯ | ᠤᠨ ᠨᠢᠭᠡ ᠨᠢ ᠪᠠᠶᠢᠪᠠᠯ᠂ ᠡᠷᠡᠭᠦᠦ ᠶᠢᠨ ᠬᠠᠤᠯᠢ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ | ᠲᠣᠭᠲᠠᠭᠠᠯ ᠳᠠᠬᠢ 《 ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠭᠡ | ᠬᠡᠮᠵᠢᠶ᠎ᠡ ᠪᠠᠷ ᠡᠪᠳᠡᠭᠰᠡᠨ 》 ᠢᠶᠠᠷ ᠮᠠᠭᠠᠳᠯᠠᠨ ᠲᠣᠭᠲᠠᠭᠠᠬᠤ ᠬᠡᠷᠡᠭᠲᠡᠢ᠄ | ( ᠨᠢᠭᠡ ) ᠨᠤᠲᠤᠭ ᠪᠡᠯᠴᠢᠭᠡᠷ ᠢ ᠬᠠᠭᠠᠯᠪᠤᠷᠢᠯᠠᠵᠤ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ | ᠂ ᠤᠢ ᠮᠣᠳᠣ ᠲᠡᠷᠢᠭᠰᠡᠠ | ᠳᠣᠯᠣᠳᠤᠭᠠᠷ ᠵᠦᠢᠯ ᠲᠤᠰ ᠲᠠᠶᠢᠯᠪᠤᠷᠢᠯᠠᠯᠲᠠ ᠳᠤ ᠬᠡᠯᠡᠵᠦ ᠪᠠᠶᠢᠭ᠎ᠠ 《 ᠨᠤᠲᠤᠭ ᠪᠡᠯᠴᠢᠭᠡᠷ 》 ᠭᠡᠳᠡᠭ | ᠪᠣᠯ ᠪᠠᠶᠢᠭᠠᠯᠢ ᠶᠢᠨ ᠨᠤᠲᠤᠭ ᠪᠡᠯᠴᠢᠭᠡᠷ ᠪᠠ ᠲᠠᠷᠢᠮᠠᠯ ᠪᠡᠯᠴᠢᠭᠡᠷ ᠢ ᠵᠢᠭᠠᠵᠤ ᠪᠠᠶᠢᠨ᠎ᠠ᠂ ᠪᠠᠶᠢᠭᠠᠯᠢ ᠶᠢᠨ ᠨᠤᠲᠤᠭ | ᠪᠡᠯᠴᠢᠭᠡᠷ ᠲᠤ ᠡᠪᠡᠰᠦᠲᠦ ᠭᠠᠵᠠᠷ᠂ ᠡᠪᠡᠰᠦᠲᠦ ᠠᠭᠤᠯᠠ ᠪᠠ ᠡᠪᠡᠰᠦᠲᠦ ᠬᠥᠲᠥᠯ ᠪᠠᠭᠲᠠᠨ᠎ᠠ᠂ ᠲᠠᠷᠢᠮᠠᠯ ᠪᠡᠯᠴᠢᠭᠡᠷ | ᠲᠤ ᠰᠠᠶᠢᠵᠢᠷᠠᠭᠤᠯᠤᠭᠰᠠᠨ ᠪᠡᠯᠴᠢᠭᠡᠷ ᠪᠠ ᠲᠠᠷᠢᠶᠠᠯᠠᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠭᠰᠡᠨ ᠭᠠᠵᠠᠷ | ᠪᠠᠭᠲᠠᠨ᠎ᠠ᠂ ᠬᠤᠲᠠ ᠪᠠᠯᠭᠠᠰᠤᠨ ᠤ ᠡᠪᠡᠰᠦᠲᠦ ᠭᠠᠵᠠᠷ ᠪᠠᠭᠲᠠᠬᠤ ᠦᠭᠡᠢ ᠃ | 《 ᠣᠶᠢᠲᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ | ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ | 》 | ᠨᠢᠭᠡᠳᠦᠭᠡᠷ ᠵᠦᠶᠯ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠬᠦ᠂ ᠬᠠᠤᠯᠢ | ᠪᠤᠰᠤ ᠪᠠᠷ ᠣᠶᠢᠲᠤ ᠭᠠᠵᠠᠷ ᠢ ᠡᠵᠡᠯᠡᠨ ᠬᠡᠷᠡᠭᠯᠡᠬᠦ᠂ ᠡᠵᠡᠯᠡᠭᠳᠡᠭᠰᠡᠨ ᠣᠶᠢᠲᠤ ᠭᠠᠵᠠᠷ ᠤᠨ ᠬᠡᠷᠡᠭᠴᠡᠭᠡ ᠶᠢ | ᠬᠤᠪᠢᠷᠠᠭᠤᠯᠬᠤ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠣᠶᠢᠲᠤ ᠭᠠᠵᠠᠷ ᠳᠡᠭᠡᠷ᠎ᠡ ᠤᠭᠤᠷᠬᠠᠶ ᠪᠠᠶᠢᠭᠤᠯᠬᠤ᠂ | ᠪᠤᠯᠠᠰᠢ ᠪᠠᠶᠢᠭᠤᠯᠬᠤ᠂ ᠭᠡᠷ ᠪᠠᠷᠢᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠶ ᠮᠠᠯᠲᠠᠬᠤ᠂ ᠰᠢᠷᠣᠶ | ᠠᠪᠬᠤ᠂ ᠲᠠᠷᠢᠮᠠᠯ ᠲᠠᠷᠢᠬᠤ᠂ ᠬᠠᠶᠠᠭᠳᠠᠮᠠᠯ ᠪᠣᠳᠠᠰ ᠢ ᠣᠪᠣᠭᠠᠯᠠᠬᠤ ᠪᠤᠶᠤ ᠭᠠᠳᠠᠭᠰᠢᠯᠠᠭᠤᠯᠬᠤ ᠵᠡᠷᠭᠡ ᠦᠢᠯᠡ | ᠠᠵᠢᠯᠯᠠᠭ᠎ᠠ ᠪᠤᠶᠤ ᠪᠤᠰᠤᠳ ᠣᠢ ᠰᠢᠭᠤᠶ ᠶᠢᠨ ᠪᠤᠰᠤ ᠦᠢᠯᠡᠳᠪᠦᠷᠢᠯᠡᠯ ᠬᠢᠬᠦ᠂ ᠪᠠᠶᠢᠭᠤᠯᠬᠤ᠂ ᠣᠶᠢᠲᠤ ᠭᠠᠵᠠᠷ ᠤᠨ | ᠤᠤᠯ ᠤᠨ ᠤᠷᠭᠤᠮᠠᠯ ᠤᠨ ᠬᠤᠴᠢᠯᠭ᠎ᠠ ᠪᠤᠶᠤ ᠣᠶ ᠰᠢᠭᠤᠶ ᠶᠢᠨ ᠲᠠᠷᠢᠮᠠᠯ ᠤᠨ ᠨᠥᠬᠦᠴᠡᠯ ᠢ ᠬᠦᠨᠳᠦ ᠨᠣᠴᠢᠲᠠᠶ | ᠡᠪᠳᠡᠭᠰᠡᠨ ᠪᠤᠶᠤ ᠬᠦᠨᠳᠦ ᠨᠣᠴᠢᠲᠠᠶ ᠪᠣᠬᠢᠷᠲᠤᠭᠤᠯᠤᠭᠰᠠᠨ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ 《 | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ | ᠲᠥᠰᠦᠯ ( ᠬᠤᠶᠠᠷ ) 》 ᠳᠤ ᠲᠣᠭᠲᠠᠭᠠᠭᠰᠠᠨ 《 ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠣᠶᠢᠲᠤ ᠭᠠᠵᠠᠷ ᠢ | ᠶᠡᠭᠡ ᠬᠡᠮᠵᠢᠶ᠎ᠡ ᠪᠠᠷ ᠡᠪᠳᠡᠵᠦ ᠰᠦᠢᠳᠬᠡᠭᠰᠡᠨ 》᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ ᠶᠠᠯ᠎ᠠ ᠪᠠᠷ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ | ᠬᠥᠳᠡᠯᠮᠦᠷᠢᠯᠡᠭᠦᠯᠬᠦ ᠪᠠᠷ ᠰᠢᠳᠬᠡᠬᠦ ᠬᠡᠷᠡᠭᠲᠡᠢ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠤᠶᠤ ᠲᠠᠩ | ᠢᠶᠠᠷ ᠰᠢᠳᠬᠡᠨ᠎ᠡ᠄ | ( ᠨᠢᠭᠡ ) ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠰᠡᠨ ᠬᠠᠯᠬᠠᠪᠴᠢ ᠣᠶᠢᠲᠤ | ᠭᠠᠵᠠᠷ᠂ ᠣᠨᠴᠠ ᠬᠡᠷᠡᠭᠴᠡᠭᠡᠨ ᠤ ᠣᠶᠢᠲᠤ ᠭᠠᠵᠠᠷ ᠤᠨ ᠬᠡᠮᠵᠢᠶ᠎ᠡ ᠨᠢ ᠲᠤᠰ ᠲᠤᠰ ᠪᠤᠶᠤ ᠨᠡᠶᠢᠯᠡᠭᠡᠳ ᠲᠠᠪᠤᠨ ᠮᠤ᠋ | ᠠᠴᠠ ᠬᠡᠲᠦᠷᠡᠭᠰᠡᠨ | ( ᠬᠤᠶᠠᠷ ) ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠰᠡᠨ ᠪᠤᠰᠤᠳ ᠣᠶᠢᠲᠤ | ᠭᠠᠵᠠᠷ ᠤᠨ ᠬᠡᠮᠵᠢᠶ᠎ᠡ ᠨᠢ ᠠᠷᠪᠠᠨ ᠮᠤ᠋ ᠠᠴᠠ ᠬᠡᠲᠦᠷᠡᠭᠰᠡᠨ | ( ᠭᠤᠷᠪᠠ ) ᠲᠤᠰ ᠵᠦᠢᠯ ᠤᠨ ( ᠨᠢᠭᠡ ) ᠳ᠋ᠦ᠋ᠭᠡᠷ ᠵᠤᠷᠪᠤᠰ᠂ ( ᠬᠤᠶᠠᠷ ) ᠳ᠋ᠤᠭᠠᠷ ᠵᠤᠷᠪᠤᠰ ᠲᠤ | ᠲᠣᠭᠲᠠᠭᠠᠭᠰᠠᠨ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠡᠳ᠂ | ᠲᠤᠭ᠎ᠠ ᠬᠡᠮᠵᠢᠶ᠎ᠡ ᠨᠢ ᠲᠤᠰ ᠲᠤᠰ ᠵᠣᠬᠢᠴᠠᠩᠭᠤᠢ ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠶᠢᠨ ᠵᠠᠭᠤᠨ ᠤ | ᠲᠠᠪᠢ ᠠᠴᠠ ᠬᠡᠲᠦᠷᠡᠭᠰᠡᠨ | ( ᠳᠦᠷᠪᠡ ) ᠲᠤᠰ ᠵᠦᠢᠯ ᠤᠨ ( ᠨᠢᠭᠡ ) ᠳ᠋ᠦ᠋ᠭᠡᠷ ᠵᠤᠷᠪᠤᠰ᠂ ( ᠬᠤᠶᠠᠷ ) ᠳ᠋ᠤᠭᠠᠷ ᠵᠤᠷᠪᠤᠰ ᠲᠤ | ᠲᠣᠭᠲᠠᠭᠠᠭᠰᠠᠨ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠡᠳ᠂ | ᠲᠡᠭᠦᠨ ᠤ ᠳᠣᠲᠣᠷᠠᠬᠢ ᠨᠢᠭᠡ ᠵᠦᠢᠯ ᠤᠨ ᠲᠤᠭ᠎ᠠ ᠬᠡᠮᠵᠢᠶ᠎ᠡ ᠨᠢ ᠵᠣᠬᠢᠴᠠᠩᠭᠤᠢ ᠲᠣᠭᠲᠠᠭᠠᠭᠰᠠᠨ ᠲᠤᠭ᠎ᠠ ᠬᠡᠮᠵᠢᠶᠡᠨ ᠤ | ᠪᠠᠷᠢᠮᠵᠢᠶ᠎ᠠ ᠶᠢᠨ ᠵᠠᠭᠤᠨ ᠤ ᠲᠠᠪᠢ ᠠᠴᠠ ᠬᠡᠲᠦᠷᠡᠭᠰᠡᠨ ᠪᠥᠭᠡᠳ ᠬᠤᠶᠠᠷ ᠵᠦᠢᠯ ᠤᠨ ᠲᠤᠭ᠎ᠠ ᠬᠡᠮᠵᠢᠶ᠎ᠡ ᠨᠢ | ᠨᠡᠶᠢᠯᠡᠭᠡᠳ ᠲᠤᠰ ᠵᠤᠷᠪᠤᠰ ᠲᠤ ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠳᠤ ᠬᠦᠷᠦᠭᠰᠡᠨ | ᠬᠡᠷᠡᠭ ᠤᠨ ᠵᠢᠱᠢᠶ᠎ᠡ ᠬᠤᠶᠠᠷ ᠸᠠᠩ ᠣᠪᠣᠭᠲᠤ ᠵᠡᠷᠭᠡ ᠬᠥᠮᠦᠰ ᠤᠨ ᠣᠶᠢᠲᠤ ᠭᠠᠵᠠᠷ ᠤᠨ ᠬᠡᠷᠡᠭᠴᠡᠭᠡ ᠶᠢ | ᠳᠤᠷ᠎ᠠ ᠪᠠᠷ ᠢᠶᠠᠨ ᠬᠤᠪᠢᠷᠠᠭᠤᠯᠤᠭᠰᠠᠨ ᠬᠡᠷᠡᠭ | ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠪᠠᠶᠠᠨᠲᠣᠬᠤᠶ ᠰᠤᠮᠤ ᠶᠢᠨ | ᠬᠦᠷᠬᠢᠷ᠎ᠡ ᠭᠠᠴᠠᠭᠠᠨ ᠤ ᠲᠣᠰᠬᠤᠨ ᠤ ᠠᠷᠠᠳ ᠸᠠᠩ ᠣᠪᠣᠭᠲᠤ 2017 ᠣᠨ ᠳᠤ ᠪᠠᠶᠠᠨᠲᠣᠬᠤᠶ ᠰᠤᠮᠤ ᠶᠢᠨ ᠪᠤᠣ | ᠴᠢᠤᠸᠠᠨ ᠭᠠᠴᠠᠭ᠎ᠠ ᠶᠢᠨ ᠬᠤᠶᠢᠲᠤ ᠵᠣᠣ ᠶᠢᠨ ᠭᠠᠵᠠᠷ ᠰᠢᠷᠣᠶ ᠶᠢ ᠳᠠᠭᠠᠭᠠᠴᠢᠯᠠᠭᠰᠠᠨ ᠪᠥᠭᠡᠳ 2023 ᠣᠨ ᠤ 9 | ᠰᠠᠷ᠎ᠠ ᠳᠤ ᠳᠠᠭᠠᠭᠠᠴᠢᠯᠠᠭᠰᠠᠨ ᠬᠡᠰᠡᠭ ᠭᠠᠵᠠᠷ ᠰᠢᠷᠣᠶ ᠪᠠᠨ ᠪᠤᠥ ᠣᠪᠣᠭᠲᠤ᠂ ᠮᠠ ᠣᠪᠣᠭᠲᠤ ᠳᠤ ᠰᠢᠯᠵᠢᠭᠦᠯᠦᠨ | ᠳᠠᠭᠠᠭᠠᠴᠢᠯᠠᠭᠤᠯᠵᠤ᠂ ᠰᠡᠭᠦᠯ ᠳᠤᠨᠢ ᠭᠤᠷᠪᠠᠭᠤᠯᠠ ᠣᠶ ᠰᠢᠭᠤᠶ ᠡᠪᠡᠰᠦ ᠪᠡᠯᠴᠢᠭᠡᠷ ᠢ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠵᠥᠪᠰᠢᠶᠡᠷᠡᠯ ᠥᠬᠡᠶ ᠪᠠᠷ ᠳᠠᠭᠠᠭᠠᠴᠢᠯᠠᠭᠰᠠᠨ ᠭᠠᠵᠠᠷ ᠰᠢᠷᠣᠶ ᠪᠠᠨ ᠳᠤᠷ᠎ᠠ ᠪᠠᠷ ᠢᠶᠠᠨ ᠲᠠᠯᠠᠪᠠᠶ ᠬᠦᠷᠢᠶ᠎ᠡ | ᠂ ᠦᠬᠡᠷ ᠤᠨ ᠫᠧᠩ ᠪᠣᠯᠭᠠᠨ ᠬᠤᠪᠢᠷᠠᠭᠤᠯᠵᠤ᠂ ᠣᠶᠢᠲᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠪᠠ ᠃ ᠸᠠᠩ | ᠣᠪᠣᠭᠲᠤ ᠶᠢᠨ ᠬᠡᠷᠡᠭ ᠲᠤ ᠬᠤᠯᠪᠣᠭᠳᠠᠭᠰᠠᠨ ᠪᠥᠬᠦ ᠲᠠᠯᠠᠪᠠᠶ ᠨᠢ 0 . 60 ᠮᠥ ᠪᠣᠯᠤᠨ᠎ᠠ︔ ᠪᠣᠣ ᠣᠪᠣᠭᠲᠤ ᠶᠢᠨ | ᠬᠡᠷᠡᠭ ᠲᠤ ᠬᠤᠯᠪᠣᠭᠳᠠᠭᠰᠠᠨ ᠭᠠᠵᠠᠷ ᠤᠨ ᠶᠡᠷᠦᠩᠬᠡᠶ ᠲᠠᠯᠠᠪᠠᠶ ᠨᠢ 2.76 ᠮᠥ ᠪᠣᠯᠤᠨ᠎ᠠ︔ ᠮᠠ ᠣᠪᠣᠭᠲᠤ ᠶᠢᠨ | ᠬᠡᠷᠡᠭ ᠲᠤ ᠬᠤᠯᠪᠣᠭᠳᠠᠭᠰᠠᠨ ᠶᠡᠷᠦᠩᠬᠡᠶ ᠲᠠᠯᠠᠪᠠᠶ ᠨᠢ 2. 68 ᠮᠥ ᠪᠣᠯᠤᠨ᠎ᠠ ᠃ | 2024 ᠣᠨ ᠤ 11 ᠰᠠᠷ᠎ᠠ ᠳᠤ᠂ ᠣᠩᠨᠢᠭᠤᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠬᠠᠤᠯᠢ ᠶᠣᠰᠣᠭᠠᠷ ᠲᠣᠰ ᠬᠡᠷᠡᠭ ᠤᠨ ᠰᠦᠪᠡᠭᠴᠢ ᠶᠢ ᠣᠩᠨᠢᠭᠤᠳ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠳᠤ ᠰᠢᠯᠵᠢᠭᠦᠯᠦᠨ ᠲᠤᠰᠢᠶᠠᠵᠤ᠂ 2025 ᠣᠨ ᠤ 1 ᠰᠠᠷ᠎ᠠ ᠶᠢᠨ 15 ᠤ ᠡᠳᠦᠷ᠂ | ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠠᠨᠲᠣᠬᠤᠶ ᠰᠤᠮᠤᠨ ᠤ ᠲᠣᠮᠢᠯᠠᠭᠰᠠᠨ | ᠰᠠᠯᠪᠤᠷᠢ ᠨᠢ ᠸᠠᠩ ᠣᠪᠣᠭᠲᠤ ᠵᠡᠷᠭᠡ ᠭᠤᠷᠪᠠᠨ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ | ᠥᠭᠴᠡᠶ᠄ ᠸᠠᠩ ᠣᠪᠣᠭᠲᠤ ᠶᠢ 4002 . 00 ᠲᠥᠭᠦᠷᠢᠭ ᠵᠣᠭᠤᠰ ᠢᠶᠠᠷ ᠲᠣᠷᠭᠠᠵᠤ᠂ ᠪᠣᠣ ᠣᠪᠣᠭᠲᠤ ᠶᠢ | 18410 . 00 ᠲᠥᠭᠦᠷᠢᠭ ᠵᠣᠭᠤᠰ ᠢᠶᠠᠷ ᠲᠣᠷᠭᠠᠵᠤ᠂ ᠮᠠ ᠣᠪᠣᠭᠲᠤ ᠶᠢ 17876 . 00 ᠲᠥᠭᠦᠷᠢᠭ | ᠵᠣᠭᠤᠰ ᠢᠶᠠᠷ ᠲᠣᠷᠭᠠᠵᠤ᠂ ᠭᠤᠷᠪᠠᠨ ᠬᠥᠮᠦᠨ ᠢ ᠵᠠᠷᠯᠢᠭᠳᠠᠵᠤ ᠪᠠᠶᠢᠭᠠᠳ ᠲᠤᠭᠲᠠᠭᠰᠠᠨ ᠬᠤᠭᠤᠴᠠᠭᠠᠨ ᠳᠤ | ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠭᠰᠡᠨ ᠪᠠᠶᠢᠨ᠎ᠠ ᠃ | ᠬᠠᠤᠯᠢ ᠴᠠᠭᠠᠵᠠ ᠶᠢᠨ ᠦᠨᠳᠦᠰᠦᠯᠡᠯ᠄ | 《 ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ 》 ᠶᠢᠨ ᠲᠡᠯᠡᠠ | ᠭᠤᠷᠪᠠᠳᠤᠭᠠᠷ ᠵᠦᠢᠯ ( ᠨᠢᠭᠡ ) ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ | ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠤᠢᠭᠡᠢ ᠪᠠᠷ ᠰᠢᠭᠤᠶᠢᠲᠤ ᠭᠠᠵᠠᠷ ᠤᠨ ᠬᠡᠷᠡᠭᠯᠡᠯᠲᠡ ᠶᠢ ᠳᠤᠷ᠎ᠠ ᠪᠠᠷ | ᠢᠶᠠᠨ ᠬᠤᠪᠢᠷᠠᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠤᠷᠭᠤᠮᠠᠯ ᠤᠨ ᠬᠤᠴᠢᠯᠭ᠎ᠠ ᠪᠠ ᠤᠢ ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠯᠭᠡᠵᠦ᠂ ᠤᠷᠭᠤᠮᠠᠯ | ᠤᠨ ᠬᠤᠴᠢᠯᠭ᠎ᠠ ᠶᠢ ᠰᠡᠷᠭᠦᠭᠡᠬᠦ ᠪᠠ ᠤᠢ ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠳᠤ ᠬᠡᠷᠡᠭᠰᠡᠬᠦ ᠵᠠᠷᠤᠳᠠᠯ ᠤᠨ | ᠬᠢᠨᠢ ᠭᠤᠷᠪᠠᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠵᠦ ᠪᠣᠯᠤᠨ᠎ᠠ᠃ | 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ | 》 | ᠲᠠᠸᠠᠷ ᠤᠨ ᠣᠶ ᠶᠢᠨ ᠭᠠᠵᠠᠷ ᠤᠨ ᠬᠡᠷᠡᠭᠯᠡᠮᠵᠢ ᠶᠢᠨ ᠲᠠᠯᠠᠪᠠᠶ ᠶᠢ ᠳᠤᠷ᠎ᠠ ᠪᠠᠷ ᠢᠶᠠᠨ ᠬᠤᠪᠢᠷᠠᠭᠤᠯᠤᠭᠠᠳ 2 | ᠮᠦ ᠳᠤ ᠬᠦᠷᠦᠭᠡᠳᠦᠶ ᠪᠣᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠬᠤᠴᠢᠯᠭ᠎ᠠ ᠪᠣᠯᠤᠨ | ᠣᠶ ᠰᠢᠭᠤᠶ ᠶᠢᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠯᠭᠡᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ | ᠪᠠ ᠣᠶ ᠰᠢᠭᠤᠶ ᠶᠢᠨ ᠦᠢᠯᠡᠳᠪᠦᠷᠢᠯᠡᠯ ᠤᠨ ᠨᠥᠬᠦᠴᠡᠯ ᠤᠨ ᠬᠡᠷᠡᠭᠰᠡᠬᠦ ᠵᠠᠷᠤᠳᠠᠯ ᠤᠨ 1 ᠳᠠᠬᠢᠨ ᠠᠴᠠ ᠳᠣᠷᠣᠭᠰᠢ | ᠵᠣᠭᠤᠰ ᠢᠶᠠᠷ ᠲᠣᠷᠭᠠᠵᠤ ᠪᠣᠯᠤᠨ᠎ᠠ | ᠨᠡᠶᠢᠲᠡ ᠶᠢᠨ ᠠᠰᠠᠷᠠᠮᠵᠢ ᠶᠢᠨ ᠣᠶ ᠮᠣᠳᠣᠨ ᠤ ᠭᠠᠵᠠᠷ ᠤᠨ ᠬᠡᠷᠡᠭᠯᠡᠮᠵᠢ ᠶᠢ ᠳᠤᠷ᠎ᠠ ᠪᠠᠷ ᠢᠶᠠᠨ | ᠥᠭᠡᠷᠡᠴᠢᠯᠡᠭᠰᠡᠨ ᠲᠠᠯᠠᠪᠠᠶ ᠨᠢ 2 ᠮᠦ ᠳᠤ ᠬᠦᠷᠬᠦ ᠦᠭᠡᠶ ᠪᠤᠶᠤ ᠲᠠᠸᠠᠷ ᠤᠨ ᠣᠶ ᠮᠣᠳᠣᠨ ᠤ ᠭᠠᠵᠠᠷ ᠤᠨ | ᠬᠡᠷᠡᠭᠯᠡᠮᠵᠢ ᠶᠢᠨ ᠲᠠᠯᠠᠪᠠᠶ ᠨᠢ 2 ᠮᠦ ᠠᠴᠠ ᠳᠡᠭᠡᠭᠰᠢ 5 ᠮᠦ ᠳᠤ ᠬᠦᠷᠬᠦ ᠦᠭᠡᠶ ᠪᠣᠯ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠬᠤᠴᠢᠯᠭ᠎ᠠ ᠪᠣᠯᠤᠨ ᠣᠶ ᠰᠢᠭᠤᠶ ᠶᠢᠨ ᠦᠢᠯᠡᠳᠪᠦᠷᠢᠯᠡᠯ ᠤᠨ ᠨᠥᠬᠦᠴᠡᠯ | ᠢ ᠰᠡᠷᠭᠦᠭᠡᠯᠭᠡᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠣᠶ ᠰᠢᠭᠤᠶ ᠶᠢᠨ ᠦᠢᠯᠡᠳᠪᠦᠷᠢᠯᠡᠯ ᠤᠨ | ᠨᠥᠬᠦᠴᠡᠯ ᠤᠨ ᠬᠡᠷᠡᠭᠰᠡᠬᠦ ᠵᠠᠷᠤᠳᠠᠯ ᠤᠨ 1 ᠳᠠᠬᠢᠨ ᠠᠴᠠ ᠳᠡᠭᠡᠭᠰᠢ 2 ᠳᠠᠬᠢᠨ ᠠᠴᠠ ᠳᠣᠷᠣᠭᠰᠢ ᠵᠣᠭᠤᠰ ᠢᠶᠠᠷ | ᠲᠣᠷᠭᠠᠵᠤ ᠪᠣᠯᠤᠨ᠎ᠠ | ᠨᠡᠶᠢᠲᠡ ᠶᠢᠨ ᠠᠰᠠᠷᠠᠮᠵᠢ ᠶᠢᠨ ᠣᠶ ᠮᠣᠳᠣᠨ ᠤ ᠭᠠᠵᠠᠷ ᠤᠨ ᠬᠡᠷᠡᠭᠯᠡᠮᠵᠢ ᠶᠢᠨ ᠲᠠᠯᠠᠪᠠᠶ ᠶᠢ 2 ᠮᠦ ᠠᠴᠠ | ᠳᠡᠭᠡᠭᠰᠢ ᠪᠤᠶᠤ ᠲᠠᠸᠠᠷ ᠤᠨ ᠣᠶ ᠮᠣᠳᠣᠨ ᠤ ᠭᠠᠵᠠᠷ ᠤᠨ ᠬᠡᠷᠡᠭᠯᠡᠮᠵᠢ ᠶᠢᠨ ᠲᠠᠯᠠᠪᠠᠶ ᠶᠢ 5 ᠮᠦ ᠠᠴᠠ ᠳᠡᠭᠡᠭᠰᠢ ᠶᠢ | ᠳᠤᠷ᠎ᠠ ᠪᠠᠷ ᠢᠶᠠᠨ ᠬᠤᠪᠢᠷᠠᠭᠤᠯᠵᠤ᠂ ᠬᠠᠷᠠᠬᠠᠨ ᠡᠷᠡᠭᠦᠦ ᠶᠢᠨ ᠰᠢᠳᠬᠡᠯ ᠲᠣᠷᠭᠠᠭᠤᠯᠢ ᠳᠤ ᠬᠦᠷᠬᠦ ᠦᠭᠡᠶ ᠪᠣᠯ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠬᠤᠴᠢᠯᠭ᠎ᠠ ᠪᠣᠯᠤᠨ ᠣᠶ ᠰᠢᠭᠤᠶ ᠶᠢᠨ | ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠯᠭᠡᠵᠦ᠂ ᠤᠷᠭᠤᠮᠠᠯ ᠤᠨ ᠬᠤᠴᠢᠯᠭ᠎ᠠ ᠪᠣᠯᠤᠨ ᠣᠶ ᠰᠢᠭᠤᠶ ᠶᠢᠨ | ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠬᠦ ᠳᠤ ᠬᠡᠷᠡᠭᠰᠡᠬᠦ ᠵᠠᠷᠤᠳᠠᠯ ᠤᠨ 2 ᠳᠠᠬᠢᠨ ᠠᠴᠠ ᠳᠡᠭᠡᠭᠰᠢ 3 ᠳᠠᠬᠢᠨ | ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ | ᠬᠡᠷᠡᠭ ᠤᠨ ᠵᠢᠱᠢᠶ᠎ᠡ ᠬᠤᠶᠠᠷ ᠵᠢᠶᠤᠤ ᠣᠪᠣᠭᠲᠤ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠰᠡᠨ | ᠬᠡᠷᠡᠭ | 2024 ᠣᠨ ᠤ 9 ᠰᠠᠷ᠎ᠠ ᠶᠢᠨ 22 ᠤᠨ ᠡᠳᠦᠷ᠂ ᠣᠩᠨᠢᠭᠤᠳ ᠬᠤᠰᠢᠭᠤᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤ | ᠶᠢᠨ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠣᠯᠵᠠᠶ᠄ ᠣᠩᠨᠢᠭᠤᠳ ᠬᠤᠰᠢᠭᠤᠨ ᠤ ᠪᠣᠷᠣᠬᠤᠲᠠ ᠪᠠᠯᠭᠠᠰᠤᠨ ᠤ | ᠷᠠᠰᠢᠶᠠᠨ ᠭᠠᠴᠠᠭᠠᠨ ᠤ ᠬᠠᠰ ᠯᠣᠤ ᠡᠯᠡᠰᠦᠨ ᠨᠠᠭᠤᠷ ᠤᠨ ᠦᠵᠡᠮᠵᠢ ᠶᠢᠨ ᠣᠷᠣᠨ ᠠᠴᠠ ᠵᠡᠭᠦᠨᠰᠢ 1 ᠺᠢᠯᠣᠮᠧᠲᠷ | ᠵᠠᠢ ᠳᠤ᠂ ᠲᠣᠭᠲᠠᠭᠠᠯ ᠢ ᠵᠥᠷᠢᠴᠡᠨ ᠮᠣᠩᠭᠤᠯ ᠬᠡᠷ ᠪᠠ ᠴᠢᠩᠭᠡᠯᠢᠭ ᠪᠠᠷᠢᠭᠰᠠᠨ ᠢ ᠪᠠᠶᠢᠴᠠᠭᠠᠨ ᠰᠢᠢᠳᠪᠦᠷᠢᠯᠡᠬᠦ ᠶᠢ | ᠱᠠᠭᠠᠷᠳᠠᠵᠠᠢ᠃ ᠬᠠᠤᠯᠢ ᠬᠡᠷᠡᠭᠵᠢᠭᠦᠯᠬᠦ ᠠᠵᠢᠯᠲᠠᠨ ᠤ ᠪᠠᠶᠢᠴᠠᠭᠠᠯᠲᠠ ᠪᠠᠷ ᠳᠠᠮᠵᠢᠭᠠᠳ᠂ ᠵᠢᠶᠣᠣ ᠣᠪᠣᠭᠲᠤ 2023 | ᠣᠨ ᠤ ᠡᠬᠢ ᠪᠠᠷ ᠪᠣᠷᠣᠬᠤᠲᠠ ᠪᠠᠯᠭᠠᠰᠤᠨ ᠤ ᠷᠠᠰᠢᠶᠠᠨ ᠭᠠᠴᠠᠭᠠᠨ ᠤ ᠬᠠᠰ ᠯᠤᠤ ᠡᠯᠡᠰᠦᠨ ᠨᠠᠭᠤᠷ ᠤᠨ ᠦᠵᠡᠮᠵᠢ | ᠶᠢᠨ ᠣᠷᠣᠨ ᠢᠶᠠᠷ ᠵᠡᠭᠦᠨᠰᠢ 1 ᠺᠢᠯᠣᠮᠧᠲᠷ ᠶᠠᠪᠤᠵᠤ ᠭᠤᠪᠢ ᠶᠢᠨ ᠠᠷᠤ ᠳᠠᠬᠢ ᠬᠠᠨ ᠬᠠᠶ ᠵᠢᠭᠤᠯᠴᠢᠯᠠᠯ ᠤᠨ ᠴᠡᠭ | ᠤᠨ ᠡᠪᠡᠰᠦᠲᠦ ᠭᠠᠵᠠᠷ ᠢ ᠳᠠᠭᠠᠭᠠᠴᠢᠯᠠᠨ ᠠᠪᠴᠤ᠂ ᠣᠶ ᠰᠢᠭᠤᠶ ᠡᠪᠡᠰᠦ ᠪᠡᠯᠴᠢᠭᠡᠷ ᠤᠨ ᠡᠷᠭᠢᠯᠡᠨ ᠬᠠᠮᠢᠶᠠᠷᠬᠤ | ᠰᠠᠯᠠᠭ᠎ᠠ ᠮᠥᠴᠢᠷ ᠤᠨ ᠵᠥᠪᠰᠢᠶᠡᠷᠡᠯ ᠥᠬᠡᠶ ᠪᠠᠷ ᠳᠤᠷ᠎ᠠ ᠪᠠᠷ ᠢᠶᠠᠨ ᠲᠣᠰ ᠬᠡᠰᠡᠭ ᠡᠪᠡᠰᠦᠲᠦ ᠭᠠᠵᠠᠷ ᠢ ᠡᠵᠡᠯᠡᠨ | ᠬᠡᠷᠡᠭᠯᠡᠵᠦ ᠮᠠᠶᠢᠬᠠᠨ ᠪᠠ ᠪᠠᠶᠢᠷᠢ ᠳᠤ ᠬᠡᠷᠡᠭᠯᠡᠬᠦ ᠴᠢᠩᠭᠡᠯᠢᠭ ᠵᠢᠴᠢ ᠳᠠᠭᠠᠯᠲᠠ ᠲᠥᠬᠦᠭᠡᠷᠦᠮᠵᠢ ᠪᠠᠶᠢᠭᠤᠯᠪᠠ᠂ ᠲᠣᠰ | ᠬᠡᠷᠡᠭ ᠲᠤ ᠬᠤᠯᠪᠣᠭᠳᠠᠭᠰᠠᠨ ᠭᠠᠵᠠᠷ ᠤᠨ ᠲᠠᠯᠠᠪᠠᠶ ᠨᠢ 1 . 91 ᠮᠥ᠂ ᠭᠠᠵᠠᠷ ᠤᠨ ᠲᠥᠷᠥᠯ ᠨᠢ ᠪᠠᠶᠢᠭᠠᠯᠢ ᠶᠢᠨ | ᠪᠡᠯᠴᠢᠭᠡᠷ ᠪᠠᠶᠢᠵᠤ᠂ ᠵᠢᠶᠣᠣ ᠣᠪᠣᠭᠲᠤ ᠶᠢᠨ ᠠᠵᠢᠯᠯᠠᠭ᠎ᠠ ᠨᠢ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠰᠡᠨ | ᠳᠤ ᠲᠣᠭᠠᠴᠠᠭᠳᠠᠨ᠎ᠠ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠶᠳᠬᠡᠯ ᠥᠭᠬᠦ ᠬᠡᠷᠡᠭᠲᠡᠶ᠃ | 2024 ᠣᠨ ᠤ 10 ᠰᠠᠷ᠎ᠠ ᠶᠢᠨ 25 ᠤ ᠡᠳᠦᠷ᠂ ᠣᠩᠨᠢᠭᠤᠳ ᠬᠤᠰᠢᠭᠤᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠬᠠᠤᠯᠢ ᠶᠣᠰᠣᠭᠠᠷ ᠳᠣᠤᠷᠠᠬᠢ ᠮᠡᠲᠦ ᠵᠠᠰᠠᠭ ᠵᠠᠬᠢᠷᠭᠠᠨ ᠤ ᠰᠢᠳᠬᠡᠯ ᠥᠭᠴᠡᠶ᠄ | ᠵᠢᠶᠤᠤ ᠣᠪᠣᠭᠲᠤ ᠶᠢ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠵᠣᠭᠰᠣᠭᠠᠵᠤ᠂ ᠬᠠᠤᠯᠢ ᠪᠤᠰᠤ ᠪᠠᠷ | ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠮᠠᠶᠢᠬᠠᠨ ᠪᠠ ᠪᠠᠶᠢᠷᠢ ᠳᠤ ᠬᠡᠷᠡᠭᠯᠡᠬᠦ | ᠴᠢᠩᠭᠡᠯᠢᠭ ᠵᠢᠴᠢ ᠳᠠᠭᠠᠯᠲᠠ ᠲᠥᠬᠦᠭᠡᠷᠦᠮᠵᠢ ᠶᠢ ᠬᠤᠭᠤᠴᠠᠭ᠎ᠠ ᠲᠣᠭᠲᠠᠭᠠᠨ ᠨᠤᠷᠠᠭᠠᠯᠭᠠᠵᠤ᠂ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠨᠤᠲᠤᠭ ᠪᠡᠯᠴᠢᠭᠡᠷ ᠤᠨ ᠬᠠᠤᠯᠢ ᠪᠤᠰᠤ ᠪᠠᠷ ᠬᠡᠷᠡᠭᠯᠡᠭᠳᠡᠬᠦ ᠠᠴᠠ | ᠡᠮᠦᠨᠡᠬᠢ ᠭᠤᠷᠪᠠᠨ ᠵᠢᠯ ᠤᠨ ᠳᠤᠮᠳᠠᠴᠢ ᠦᠶᠯᠡᠳᠬᠦᠨ ᠤ ᠥᠷᠲᠡᠭ ᠤᠨ ᠵᠢᠷᠭᠤᠭᠠᠨ ᠳᠠᠬᠢᠨ ᠠᠴᠠ ᠳᠡᠭᠡᠭᠰᠢ ᠠᠷᠪᠠᠨ | ᠬᠤᠶᠠᠷ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠂ ᠲᠤᠬᠠᠶᠢᠯᠠᠪᠠᠯ | 2567 . 04 ᠲᠥᠭᠦᠷᠢᠭ ᠪᠣᠯᠤᠨ᠎ᠠ᠃ | ᠬᠠᠤᠯᠢ ᠴᠠᠭᠠᠵᠠ ᠶᠢᠨ ᠦᠨᠳᠦᠰᠦᠯᠡᠯ᠄ | 《 ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ 》 ᠶᠢᠨ | ᠵᠢᠷᠠᠨ ᠲᠠᠪᠤᠳᠤᠭᠠᠷ ᠵᠦᠢᠯ ᠵᠥᠪᠰᠢᠶᠡᠷᠡᠯ ᠠᠪᠤᠭᠰᠠᠨ ᠤᠢᠭᠡᠢ ᠪᠤᠶᠤ ᠮᠡᠬᠡᠯᠡᠬᠦ ᠠᠷᠭ᠎ᠠ ᠪᠠᠷ ᠵᠥᠪᠰᠢᠶᠡᠷᠡᠯ ᠣᠯᠤᠭᠠᠳ | ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠡᠷᠡᠭᠦᠦ ᠶᠢᠨ ᠰᠢᠳᠬᠡᠯ ᠥᠭᠬᠦ ᠬᠡᠮᠵᠢᠶᠡᠨ ᠳᠤ ᠬᠦᠷᠦᠭᠰᠡᠨ | ᠤᠢᠭᠡᠢ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ | ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠤᠨ ᠢᠶᠠᠨ ᠶᠣᠰᠣᠭᠠᠷ | ᠵᠠᠷᠯᠢᠭᠳᠠᠵᠤ ᠪᠠᠶᠢᠭᠠᠳ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠢ ᠪᠤᠴᠠᠭᠠᠯᠭᠠᠨ᠎ᠠ᠂ ᠨᠤᠲᠤᠭ ᠪᠡᠯᠴᠢᠭᠡᠷ | ᠤᠨ ᠬᠠᠮᠠᠭᠠᠯᠠᠯᠲᠠ᠂ ᠪᠦᠳᠦᠭᠡᠠ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠶᠢ ᠵᠥᠷᠢᠴᠡᠨ ᠨᠤᠲᠤᠭ | ᠪᠡᠯᠴᠢᠭᠡᠷ ᠢ ᠳᠤᠷ᠎ᠠ ᠪᠠᠷ ᠢᠶᠠᠨ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠠᠭᠰᠠᠨ ᠪᠠᠶᠢᠪᠠᠯ᠂ | ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ | ᠲᠥᠬᠦᠭᠡᠷᠦᠮᠵᠢ ᠶᠢ ᠬᠤᠭᠤᠴᠠᠭ᠎ᠠ ᠲᠣᠭᠲᠠᠭᠠᠨ ᠨᠤᠷᠠᠭᠠᠯᠭᠠᠨ ᠠᠷᠢᠯᠭᠠᠭᠤᠯᠵᠤ᠂ ᠨᠤᠲᠤᠭ ᠪᠡᠯᠴᠢᠭᠡᠷ ᠤᠨ ᠤᠷᠭᠤᠮᠠᠯ | ᠤᠨ ᠬᠤᠴᠢᠯᠭ᠎ᠠ ᠶᠢ ᠰᠡᠷᠭᠦᠭᠡᠯᠭᠡᠬᠦ ᠶᠢᠨ ᠬᠠᠮᠲᠤ ᠨᠤᠲᠤᠭ ᠪᠡᠯᠴᠢᠭᠡᠷ ᠤᠨ ᠬᠠᠤᠯᠢ ᠪᠤᠰᠤ ᠪᠠᠷ ᠬᠡᠷᠡᠭᠯᠡᠭᠳᠡᠬᠦ ᠠᠴᠠ | ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠪᠦᠷᠢᠯᠡᠯ ᠤᠨ ᠤᠢᠷᠳᠡᠭ ᠤᠨ ᠬᠢᠨᠢ ᠵᠢᠷᠭᠤᠭᠠᠨ ᠲᠡᠬᠢᠠ ᠠᠴᠠ | ᠳᠡᠭᠡᠭᠰᠢ ᠠᠷᠪᠠᠨ ᠬᠤᠶᠠᠷ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ ᠃ | 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ | 》 | ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ | ᠠᠴᠠ ᠵᠥᠷᠢᠴᠡᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠥᠭᠡᠷᠡᠴᠢᠯᠡᠭᠡᠳ 1 ᠮᠦ ᠬᠦᠷᠬᠦ ᠦᠭᠡᠶ ᠪᠣᠯ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠰᠢᠨ᠎ᠡ | ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ ᠨᠤᠷᠠᠭᠠᠯᠭᠠᠵᠤ᠂ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠬᠦ ᠶᠢᠨ ᠬᠠᠮᠲᠤ ᠨᠤᠲᠤᠭ ᠪᠡᠯᠴᠢᠭᠡᠷ ᠢ ᠬᠠᠤᠯᠢ ᠪᠤᠰᠤ ᠪᠠᠷ | ᠬᠡᠷᠡᠭᠯᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠪᠦᠷᠢᠯᠡᠯ ᠤᠨ ᠥᠷᠲᠡᠭ ᠤᠨ 6 ᠳᠠᠬᠢᠨ ᠠᠴᠠ | ᠳᠡᠭᠡᠭᠰᠢ 7 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ | ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ | ᠠᠴᠠ ᠵᠥᠷᠢᠴᠡᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠥᠭᠡᠷᠡᠴᠢᠯᠡᠭᠡᠳ 1 ᠮᠦ ᠠᠴᠠ ᠳᠡᠭᠡᠭᠰᠢ 3 ᠮᠦ ᠳᠤ ᠬᠦᠷᠬᠦ ᠦᠭᠡᠶ ᠪᠣᠯ ᠬᠠᠤᠯᠢ ᠪᠤᠰᠤ ᠪᠠᠷ ᠬᠡᠷᠡᠭᠯᠡᠭᠰᠡᠨ ᠨᠤᠲᠤᠭ | ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ | ᠨᠤᠷᠠᠭᠠᠯᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠬᠦ ᠶᠢᠨ ᠬᠠᠮᠲᠤ ᠨᠤᠲᠤᠭ | ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠪᠦᠷᠢᠯᠡᠯ ᠤᠨ | ᠥᠷᠲᠡᠭ ᠤᠨ 7 ᠳᠠᠬᠢᠨ ᠠᠴᠠ ᠳᠡᠭᠡᠭᠰᠢ 8 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ | ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ | ᠠᠴᠠ ᠵᠥᠷᠢᠴᠡᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠥᠭᠡᠷᠡᠴᠢᠯᠡᠭᠡᠳ 3 ᠮᠦ ᠠᠴᠠ ᠳᠡᠭᠡᠭᠰᠢ 9 ᠮᠦ ᠳᠤ ᠬᠦᠷᠬᠦ ᠦᠭᠡᠶ ᠪᠣᠯ ᠬᠠᠤᠯᠢ ᠪᠤᠰᠤ ᠪᠠᠷ ᠬᠡᠷᠡᠭᠯᠡᠭᠰᠡᠨ ᠨᠤᠲᠤᠭ | ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ | ᠨᠤᠷᠠᠭᠠᠯᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠬᠦ ᠶᠢᠨ ᠬᠠᠮᠲᠤ ᠨᠤᠲᠤᠭ | ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠬᠦᠨ ᠤ ᠥᠷᠲᠡᠭ | ᠤᠨ 8 ᠳᠠᠬᠢᠨ ᠠᠴᠠ ᠳᠡᠭᠡᠭᠰᠢ 9 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ | ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ | ᠠᠴᠠ ᠵᠥᠷᠢᠴᠡᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠥᠭᠡᠷᠡᠴᠢᠯᠡᠭᠰᠡᠨ ᠨᠢ 9 ᠮᠦ ᠠᠴᠠ ᠳᠡᠭᠡᠭᠰᠢ 12 ᠮᠦ ᠳᠤ ᠬᠦᠷᠬᠦ ᠦᠭᠡᠶ ᠪᠣᠯ ᠬᠠᠤᠯᠢ ᠪᠤᠰᠤ ᠪᠠᠷ ᠬᠡᠷᠡᠭᠯᠡᠭᠰᠡᠨ | ᠨᠤᠲᠤᠭ ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠪᠡᠯᠡᠳᠬᠡᠮᠵᠢ ᠶᠢ ᠬᠤᠭᠤᠴᠠᠭ᠎ᠠ | ᠬᠢᠵᠠᠭᠠᠷᠯᠠᠨ ᠨᠤᠷᠠᠭᠠᠯᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠬᠦ ᠶᠢᠨ ᠬᠠᠮᠲᠤ | ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠪᠦᠷᠢᠯᠡᠯ | ᠤᠨ ᠥᠷᠲᠡᠭ ᠤᠨ 9 ᠳᠠᠬᠢᠨ ᠠᠴᠠ ᠳᠡᠭᠡᠭᠰᠢ 10 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ | ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ | ᠠᠴᠠ ᠵᠥᠷᠢᠴᠡᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠥᠭᠡᠷᠡᠴᠢᠯᠡᠭᠡᠳ 12 ᠮᠦ ᠠᠴᠠ ᠳᠡᠭᠡᠭᠰᠢ 15 ᠮᠦ ᠳᠤ ᠬᠦᠷᠬᠦ ᠦᠭᠡᠶ ᠪᠣᠯ ᠬᠠᠤᠯᠢ ᠪᠤᠰᠤ ᠪᠠᠷ ᠬᠡᠷᠡᠭᠯᠡᠭᠰᠡᠨ | ᠨᠤᠲᠤᠭ ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠪᠡᠯᠡᠳᠬᠡᠮᠵᠢ ᠶᠢ ᠬᠤᠭᠤᠴᠠᠭ᠎ᠠ | ᠬᠢᠵᠠᠭᠠᠷᠯᠠᠨ ᠨᠤᠷᠠᠭᠠᠯᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠬᠦ ᠶᠢᠨ ᠬᠠᠮᠲᠤ | ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠪᠦᠷᠢᠯᠡᠯ | ᠤᠨ ᠥᠷᠲᠡᠭ ᠤᠨ 10 ᠳᠠᠬᠢᠨ ᠠᠴᠠ ᠳᠡᠭᠡᠭᠰᠢ 11 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ | ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ | ᠶᠢ ᠵᠥᠷᠢᠴᠡᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ 15 ᠮᠦ ᠠᠴᠠ ᠳᠡᠭᠡᠭᠰᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠣᠯᠭᠠᠨ ᠥᠭᠡᠷᠡᠴᠢᠯᠡᠭᠡᠳ᠂ ᠬᠠᠷᠠᠬᠠᠨ ᠡᠷᠡᠭᠦᠦ ᠶᠢᠨ ᠰᠢᠳᠬᠡᠯ ᠢᠶᠠᠷ ᠰᠢᠳᠬᠡᠬᠦ ᠳᠤ ᠬᠦᠷᠬᠦ ᠦᠭᠡᠶ | ᠪᠣᠯ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ | ᠪᠤᠰᠤᠳ ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ ᠨᠤᠷᠠᠭᠠᠯᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ | ᠪᠦᠷᠬᠦᠴᠡ ᠶᠢ ᠰᠡᠷᠭᠦᠭᠡᠯᠭᠡᠬᠦ ᠶᠢᠨ ᠬᠠᠮᠲᠤ ᠨᠤᠲᠤᠭ ᠪᠡᠯᠴᠢᠭᠡᠷ ᠤᠨ ᠬᠠᠤᠯᠢ ᠪᠤᠰᠤ ᠪᠠᠷ ᠬᠡᠷᠡᠭᠯᠡᠭᠳᠡᠬᠦ ᠠᠴᠠ ᠡᠮᠦᠨᠡᠬᠢ | ᠭᠤᠷᠪᠠᠨ ᠵᠢᠯ ᠤᠨ ᠳᠤᠮᠳᠠᠴᠢ ᠦᠢᠯᠡᠳᠪᠦᠷᠢᠯᠡᠯ ᠤᠨ ᠥᠷᠲᠡᠭ ᠤᠨ 11 ᠳᠠᠬᠢᠨ ᠠᠴᠠ ᠳᠡᠭᠡᠭᠰᠢ ᠵᠢᠴᠢ 12 ᠳᠠᠬᠢᠨ | ᠠᠴᠠ ᠳᠣᠷᠣᠭᠰᠢ ᠵᠣᠭᠤᠰ ᠢᠶᠠᠷ ᠲᠣᠷᠭᠠᠨ᠎ᠠ ᠃ | ᠣᠩᠨᠢᠭᠤᠳ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠢ ᠡᠪᠳᠡᠵᠦ ᠪᠠᠶᠭ᠎ᠠ ᠠᠵᠢᠯᠯᠠᠭ᠎ᠠ ᠳᠤ | ᠴᠣᠬᠢᠯᠲᠠ ᠥᠭᠬᠦ ᠬᠠᠮᠲᠤᠷᠠᠭᠰᠠᠨ ᠬᠡᠷᠡᠭ ᠰᠢᠶᠳᠪᠦᠷᠢᠯᠡᠬᠦ ᠲᠥᠪ ᠠᠴᠠ ᠥᠷᠭᠡᠨ ᠣᠯᠠᠨ ᠮᠠᠯᠴᠢᠨ ᠲᠠᠷᠢᠶᠠᠴᠢᠨ | ᠨᠠᠶᠢᠵᠠ ᠨᠠᠷ ᠲᠤ ᠰᠠᠨᠠᠭᠤᠯᠬᠤ ᠨᠢ᠂ ᠣᠢ ᠰᠢᠭᠤᠶ ᠨᠤᠲᠤᠭ ᠪᠡᠯᠴᠢᠭᠡᠷ ᠵᠡᠷᠭᠡ ᠪᠠᠶᠢᠭᠠᠯᠢ ᠶᠢᠨ ᠡᠬᠢ ᠪᠠᠶᠠᠯᠢᠭ ᠢ | ᠬᠠᠮᠠᠭᠠᠯᠠᠬᠤ ᠪᠣᠯ ᠮᠠᠨ ᠤ ᠠᠷᠠᠳ ᠢᠷᠭᠡᠨ ᠨᠢᠭᠡᠪᠦᠷᠢ ᠶᠢᠨ ᠭᠦᠶᠴᠡᠳᠬᠡᠪᠡᠰᠦ ᠵᠣᠬᠢᠬᠤ ᠡᠭᠦᠷᠭᠡ ᠮᠥᠨ᠂ ᠵᠠᠪᠰᠢᠶᠠᠨ ᠢ | ᠳᠠᠯᠢᠮᠳᠠᠭᠤᠯᠵᠤ ᠡᠪᠳᠡᠯᠭᠡ ᠬᠢᠵᠦ ᠪᠣᠯᠬᠤ ᠦᠭᠡᠢ᠂ ᠡᠪᠳᠡᠭᠰᠡᠨ ᠲᠠᠯᠠᠪᠠᠢ ᠶᠢᠨ ᠶᠡᠭᠡ ᠪᠠᠭ᠎ᠠ ᠶᠢ ᠬᠠᠮᠢᠶᠠᠷᠬᠤ ᠦᠭᠡᠢ᠂ | ᠣᠯᠵᠤ ᠮᠡᠳᠡᠪᠡᠯ ᠶᠠᠭᠠᠬᠢᠭᠰᠠᠨ ᠴᠤ ᠢᠯᠳᠠᠷ ᠬᠠᠶᠠᠬᠤ ᠦᠭᠡᠢ ᠃ | ᠣᠩᠨᠢᠭᠤᠳ ᠬᠤᠰᠢᠭᠤᠨ ᠤ ᠣᠢ ᠰᠢᠭᠤᠶ ᠡᠪᠡᠰᠦ ᠪᠡᠯᠴᠢᠭᠡᠷ ᠢ ᠡᠪᠳᠡᠬᠦ ᠳᠤ | ᠴᠣᠬᠢᠯᠲᠠ ᠥᠭᠬᠦ ᠬᠠᠮᠲᠤᠷᠠᠭᠰᠠᠨ ᠬᠡᠷᠡᠭ ᠰᠢᠶᠳᠪᠦᠷᠢᠯᠡᠬᠦ ᠲᠥᠪ |