ᠮᠠᠨ ᠤ  ᠬᠤᠰᠢᠭᠤ ᠵᠠᠮ ᠢᠶᠠᠷ ᠡᠯᠡᠰᠦ ᠶᠢ  ᠵᠠᠰᠠᠬᠤ ᠪᠠᠷ ᠳᠠᠮᠵᠢᠨ  ᠡᠯᠡᠰᠥᠷᠭᠡᠭ ᠤᠷᠤᠨ ᠤ ᠨᠤᠭᠤᠭᠠᠷᠠᠭᠤᠯᠤᠯᠳᠠ ᠪᠠᠨ ᠦᠷᠭᠡᠳᠬᠡᠵᠥ ᠪᠠᠶᠢᠨ᠎ᠠ
ᠨᠡᠶᠢᠲᠡᠯᠡᠭᠰᠡᠨ ᠴᠠᠭ᠄
2025/4/29
        ᠮᠠᠨ ᠤ ᠬᠤᠰᠢᠭᠤ ᠡᠨᠡ ᠵᠢᠯ ᠦᠷᠭᠦᠯᠵᠢᠯᠡᠨ ︽ᠵᠠᠮ ᠢᠶᠠᠷ ᠡᠯᠡᠰᠦ ᠶᠢ ᠵᠠᠰᠠᠬᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠵᠡᠷᠭᠡ ᠡᠯᠡᠰᠦᠷᠬᠡᠭ ᠭᠠᠵᠠᠷ ᠢ ᠵᠠᠰᠠᠬᠤ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ᠡᠯᠡᠰᠦᠷᠬᠡᠭ ᠭᠠᠵᠠᠷ ᠢ ᠵᠠᠰᠠᠬᠤ ᠶᠢ ᠰᠢᠨ᠎ᠡ ᠡᠨᠧᠷᠭᠢ᠂ ᠣᠨᠴᠠᠯᠢᠭᠲᠤ ᠲᠠᠷᠢᠵᠤ ᠲᠡᠵᠢᠭᠡᠨ ᠦᠷᠡᠵᠢᠭᠦᠯᠬᠦ᠂ ᠠᠮᠢ ᠠᠬᠤᠢ ᠶᠢᠨ ᠵᠢᠭᠤᠯᠴᠢᠯᠠᠯ ᠵᠡᠷᠭᠡ ᠠᠵᠤ ᠦᠢᠯᠡᠰ ᠲᠠᠢ ᠭᠦᠨᠵᠡᠭᠡᠢ ᠠᠭᠤᠰᠤᠯᠴᠠᠭᠤᠯᠵᠤ᠂ ︽ᠵᠠᠮ   ᠳᠤ ᠲᠦᠰᠢᠭᠯᠡᠨ ᠪᠠᠶᠠᠵᠢᠬᠤ  ᠂ ᠨᠣᠭᠤᠭᠠᠷᠠᠭᠤᠯᠵᠤ  ᠪᠠᠶᠠᠵᠢᠬᠤ ᠶᠢ ᠵᠡᠷᠭᠡᠪᠡᠷ ᠬᠥᠭᠵᠢᠭᠦᠯᠬᠦ︾ ᠶᠢ  ᠠᠬᠢᠭᠤᠯᠵᠤ ᠪᠠᠶᠢᠨ᠎ᠠ᠃      ᠣᠶᠢᠷ᠎ᠠ ᠶᠢᠨ ᠡᠳᠦᠷ ᠂ ᠬᠤᠷᠴᠢᠨ ᠤ ᠡᠯᠡᠰᠦᠷᠬᠡᠭ ᠭᠠᠵᠠᠷ   ᠤᠨ 2025 ᠣᠨ ᠤ ᠪᠣᠭᠤᠮᠲᠠ ᠰᠢᠪᠲᠤᠯᠬᠤ ᠠᠵᠢᠯᠯᠠᠭ᠎ᠠ ᠪᠥᠬᠦ ᠲᠠᠯ᠎ᠠ ᠪᠠᠷ  ᠶᠠᠪᠤᠭᠳᠠᠬᠤ ᠶᠢ ᠳᠠᠭᠠᠯᠳᠤᠨ᠂ ᠡᠯᠡᠰᠦ ᠶᠢ ᠵᠠᠰᠠᠬᠤ  ᠤᠯᠠᠨ ᠠᠷᠭ᠎ᠠ ᠵᠠᠮ ᠣᠩᠨᠢᠭᠤᠳ ᠨᠤᠲᠤᠭ ᠲᠤ  ᠵᠢᠷᠤᠭᠳᠠᠵᠤ ᠡᠬᠢᠯᠡᠭᠰᠡᠨ ᠪᠠᠶᠢᠨ᠎ᠠ᠃ ᠡᠨᠡ ᠵᠢᠯ᠂ ᠪᠥᠬᠦ ᠬᠤᠰᠢᠭᠤ ᠪᠠᠷ ᠢᠶᠠᠨ  ᠴᠡᠭᠡᠨ ᠠᠴᠠ ᠠᠰᠢᠬᠠᠨ ᠬᠦᠷᠬᠦ ᠱᠤᠭᠤᠮ᠂  ᠬᠦᠷᠬᠢᠷ᠎ᠡ ᠠᠴᠠ ᠪᠠᠶᠠᠨᠬᠤᠵᠢᠷ ᠬᠦᠷᠬᠦ ᠱᠤᠭᠤᠮ᠂ ᠬᠤᠷᠠᠬᠤ ᠠᠴᠠ ᠬᠦᠬᠡᠰᠡᠭᠦᠯ ᠬᠦᠷᠬᠦ ᠱᠤᠭᠤᠮ ᠵᠡᠷᠭᠡ 3 ᠵᠤᠷᠪᠤᠰ ᠡᠯᠡᠰᠦ  ᠲᠤᠭᠤᠯᠤᠭᠰᠠᠨ ᠵᠠᠰᠠᠮᠠᠯ ᠵᠠᠮ ᠢ ᠰᠢᠨ᠎ᠡ ᠪᠠᠷ  ᠳᠡᠪᠢᠰᠬᠦ ᠪᠠᠷ ᠲᠥᠯᠥᠪᠯᠡᠵᠦ ᠪᠠᠶᠢᠨ᠎ᠠ᠃  ᠡᠳᠡᠭᠡᠷ ᠱᠤᠭᠤᠮ ᠳᠠᠭᠤ ᠡᠯᠡᠰᠦᠷᠬᠡᠭ ᠭᠠᠵᠠᠷ  ᠢ ᠰᠢᠨ᠎ᠡ ᠪᠠᠷ   26 ᠲᠦᠮᠡᠨ ᠮᠥ  ᠵᠠᠰᠠᠨ  ᠂  70 ᠲᠦᠮᠡᠨ ᠮᠥ ᠶᠢ ᠪᠠᠬᠢᠵᠢᠭᠦᠯᠦᠨ  ᠰᠠᠶᠢᠵᠢᠷᠠᠭᠤᠯᠵᠤ᠂ 2026 ᠤᠨ ᠪᠣᠯᠬᠤ ᠳᠤ᠂ ᠡᠳᠡᠭᠡᠷ ᠤᠷᠤᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠡᠭᠦᠷᠭᠡ ᠶᠢ  ᠴᠢᠷᠮᠠᠶᠢᠨ ᠪᠡᠶᠡᠯᠡᠭᠦᠯᠵᠥ᠂ 2028 ᠤᠨ ᠪᠣᠯᠬᠤ ᠳᠤ᠂ ᠵᠠᠰᠠᠯᠲᠠ ᠶᠢᠨ ᠣᠷᠣᠨ ᠢ ᠪᠠᠬᠢᠵᠢᠭᠦᠯᠦᠨ  ᠰᠠᠶᠢᠵᠢᠷᠠᠭᠤᠯᠬᠤ ᠡᠭᠦᠷᠭᠡ ᠶᠢ ᠦᠨᠳᠦᠰᠦᠨ ᠳᠡᠭᠡᠨ  ᠪᠡᠶᠡᠯᠡᠭᠦᠯᠬᠦ ᠪᠤᠯᠤᠨ᠎ᠠ᠃      2024 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤ   ᠪᠠᠷ ᠢᠶᠠᠨ ᠨᠡᠶᠢᠲᠡ 551 ᠲᠦᠮᠡᠨ ᠮᠥ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ᠶᠡᠷᠦᠩᠬᠡᠶᠢᠯᠡᠨ ᠵᠠᠰᠠᠬᠤ ᠨᠣᠷᠮ᠎ᠠ  ᠨᠢ 82.63% ᠳᠤ  ᠬᠦᠷᠪᠡ᠃ ᠤᠷᠢᠳ ᠬᠤᠵᠢᠳ 16 ᠵᠤᠷᠪᠤᠰ  ᠡᠯᠡᠰᠥ ᠲᠤᠭᠤᠯᠤᠭᠰᠠᠨ ᠵᠠᠰᠠᠮᠠᠯ ᠵᠠᠮ ᠢ ᠨᠡᠪᠲᠡᠷᠡᠭᠦᠯᠵᠦ ᠂ ᠶᠡᠷᠦᠩᠬᠡᠢ ᠣᠷᠳᠣ ᠨᠢ 479.5 ᠺ᠊ ᠺᠢᠯᠤᠮᠧᠲᠷ ᠬᠦᠷᠴᠥ᠂ ᠵᠠᠮ ᠳᠠᠭᠠᠤ 351 ᠲᠦᠮᠡᠨ ᠮᠥ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ︽ᠵᠠᠮ  ᠬᠠᠮᠢᠭ᠎ᠠ  ᠬᠦᠷᠪᠡᠯ᠂ ᠡᠯᠡᠰᠦ ᠶᠢ ᠵᠠᠰᠠᠬᠤ ᠲᠣᠤᠷᠵᠢᠯ  ᠲᠡᠨᠳᠡ ᠬᠦᠷᠴᠥ  ᠂  ᠨᠤᠭᠤᠭᠠᠷᠠᠭᠤᠯᠤᠯᠳᠠ ᠲᠡᠨᠳᠡ ᠬᠦᠷᠲᠡᠯ᠎ᠡ  ᠦᠷᠭᠦᠯᠵᠢᠯᠡᠵᠥ᠂  ᠪᠠᠶᠠᠵᠢᠯ ᠤᠨ ᠠᠵᠤ  ᠦᠢᠯᠡᠰ ᠲᠡᠨᠳᠡ  ᠬᠦᠷᠬᠦ︾ ᠶᠢ ᠦᠨᠡᠨ ᠬᠦ  ᠪᠡᠶᠡᠯᠡᠭᠦᠯᠥᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号