| | 4 ᠰᠠᠷ᠎ᠠ ᠶᠢᠨ 28 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠠᠷᠪᠠᠨ | ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ 148 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠥᠬᠦᠳ ᠬᠤᠷᠠᠯ ᠳᠤ | ᠤᠷᠤᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠪᠤᠯᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠬᠤᠷᠠᠯ ᠳᠤ ᠰᠤᠯᠠ | ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠶᠢᠳᠠᠪᠤᠷᠢᠵᠢᠭᠤᠯᠬᠤ ᠠᠵᠢᠯ ᠳᠤ | ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠨ᠂ ᠬᠡᠷᠡᠭᠯᠡᠭᠡ ᠶᠢᠨ ᠠᠬᠢᠭᠤᠯᠤᠯᠲᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ | ᠨᠡᠭᠡᠭᠡᠯᠲᠡ᠂ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ | ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠲᠦᠷᠦ ᠶᠢᠨ | ᠪᠤᠳᠤᠯᠭ᠎ᠠ ᠶᠢᠨ ᠠᠰᠢᠭ ᠲᠤᠰᠠ ᠶᠢ ᠬᠦᠷᠲᠡᠭᠡᠬᠦ ᠶᠢᠨ ᠬᠠᠮᠲᠤ ᠦᠢᠯᠡᠳᠪᠦᠷᠢᠯᠡᠯ ᠢ ᠴᠢᠩᠭ᠎ᠠ ᠠᠳᠬᠤᠵᠤ᠂ ᠰᠠᠶᠢᠨ | ᠲᠦᠷᠦᠯ ᠵᠦᠢᠯ ᠢ ᠢᠳᠡᠪᠬᠢᠲᠡᠢ ᠤᠷᠤᠭᠤᠯᠤᠨ᠂ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠤᠯᠠᠨ ᠲᠦᠮᠡᠨ ᠤ ᠠᠩᠬᠠᠷᠴᠤ | ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠂ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠰᠠᠶᠢᠲᠤᠷ ᠠᠳᠬᠤᠨ᠂ ᠥᠭᠡᠷᠡᠴᠢᠯᠡᠯᠲᠡ ᠬᠥᠭᠵᠢᠯᠲᠡ ᠶᠢᠨ | ᠦᠷ᠎ᠡ ᠪᠦᠲᠦᠭᠡᠯ ᠢ ᠠᠷᠠᠳ ᠤᠯᠠᠨ ᠳᠤ ᠵᠠᠪᠠᠯ ᠬᠦᠷᠲᠡᠭᠡᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠤᠬᠠᠮᠰᠠᠷ ᠢᠶᠠᠨ ᠴᠢᠯᠥᠭᠡᠯᠡᠬᠦ ᠤᠶᠢᠯᠠᠭᠠᠭᠳᠠᠭᠤᠨ ᠢ ᠨᠢ | ᠬᠦᠳᠦᠯᠥᠨ ᠵᠢᠯᠤᠭᠤᠳᠴᠤ᠂ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ ᠤᠨ ᠰᠤᠷᠲᠠᠯ ᠢ ᠨᠢ | ᠰᠠᠶᠢᠵᠢᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠡᠷᠡᠭᠲᠡᠶ ᠭᠡᠵᠡᠢ᠃ | ᠬᠤᠷᠠᠯ ᠠᠴᠠ ᠪᠠᠰᠠ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠪᠤᠯᠤᠨ ᠪᠥᠬᠦ | ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ᠂ ᠲᠤᠤᠷ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠵᠡᠷᠭᠡ | ᠠᠵᠢᠯ ᠳᠤ ᠪᠠᠶᠢᠷᠢᠯᠠᠭᠤᠯᠤᠯᠲᠠ ᠬᠢᠵᠡᠢ᠃ | |