| | 4 ᠰᠠᠷ᠎ᠠ ᠶᠢᠨ 27 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠮᠠ ᠶᠦᠩ ᠭᠠᠩ ᠪᠥᠬᠦ ᠬᠤᠰᠢᠭᠤᠨ ᠤ ᠠᠶᠤᠯᠭᠦᠶ ᠦᠶ᠋ᠯᠡᠳᠪᠦᠷᠢᠯᠡᠯ ᠤᠨ 4 ᠳ᠋ᠦ᠋ᠭᠡᠷ ᠰᠠᠷ᠎ᠠ ᠶᠢᠨ ᠡᠭᠡᠯᠵᠢᠲᠦ | ᠬᠤᠷᠠᠯ ᠵᠢᠴᠢ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ | ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠭᠰᠡᠨ ᠤ ᠬᠠᠮᠲᠤ ᠣᠳᠣᠬᠠᠨ ᠤ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠰᠤᠳᠤᠯᠤᠨ ᠮᠠᠭᠠᠳᠯᠠᠵᠤ᠂ ᠭᠤᠣᠯᠳᠠᠯᠭ᠎ᠠ ᠲᠠᠢ ᠠᠵᠢᠯ | ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ | ᠯᠠᠪᠳᠠᠭᠤᠨ ᠪᠠᠲᠤᠲᠠᠢ ᠪᠠᠶᠢᠴᠠᠭᠠᠨ᠂ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ | ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠨ ᠴᠢᠩᠭᠠᠳᠬᠠᠨ᠂ ᠭᠠᠮᠰᠢᠭ ᠠᠴᠠ | ᠡᠮᠦᠨᠡᠬᠢ ᠰᠡᠷᠭᠡᠶᠢᠯᠡᠯᠲᠡ᠂ ᠭᠠᠮᠰᠢᠭ ᠤᠨ ᠳᠤᠮᠳᠠᠬᠢ ᠪᠠᠴᠢᠮ ᠪᠠᠶᠢᠳᠠᠯ ᠤᠨ ᠠᠷᠭᠠᠴᠠᠭᠠᠯᠲᠠ ᠪᠠ ᠭᠠᠮᠰᠢᠭ ᠤᠨ | ᠳᠠᠷᠠᠭᠠᠬᠢ ᠠᠵᠢᠯ ᠤᠨ ᠪᠠᠶᠢᠷᠢᠯᠠᠭᠤᠯᠤᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠤᠨ ᠪᠠᠶᠢᠭᠤᠯᠤᠯᠲᠠ᠂ ᠠᠪᠤᠷᠠᠨ ᠲᠤᠰᠠᠯᠠᠬᠤ ᠬᠦᠴᠦᠨ ᠤ | ᠪᠠᠶᠢᠭᠤᠯᠤᠯᠲᠠ ᠪᠤᠯᠤᠨ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠶᠡᠷᠦᠩᠬᠡᠶᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠦᠬᠦ ᠠᠷᠠᠳ ᠤᠨ | ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠬᠥᠮᠦᠵᠢᠯ | ᠤᠬᠠᠭᠤᠯᠭ᠎ᠠ ᠶᠢ ᠤᠯᠠᠨ ᠬᠡᠯᠪᠡᠷᠢ ᠪᠠᠷ ᠦᠷᠨᠢᠭᠦᠯᠦᠨ᠂ ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠶᠠᠪᠤᠳᠠᠯ | ᠪᠦᠬᠦᠨ ᠠᠮᠤᠷ ᠲᠦᠪᠰᠢᠨ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ | ᠭᠡᠵᠡᠢ᠃ | ᠭᠤᠤ ᠶᠦᠩ ᠡᠤ᠂ ᠳ᠋ᠦᠩ ᠵᠢᠦ ᠪᠢᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃ | |