ᠮᠠᠨ ᠤ ᠬᠤᠰᠢᠭᠤ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠭᠤᠣᠯ ᠰᠡᠳᠦᠪᠲᠦ ᠠᠵᠢᠯᠯᠠᠭ᠎ᠠ ᠵᠢᠴᠢ ᠡᠪᠯᠡᠯ ᠳᠤ ᠣᠷᠣᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/4/29
     4 ᠰᠠᠷ᠎ᠠ ᠶᠢᠨ 27 ᠤ ᠡᠳᠦᠷ᠂ ᠮᠠᠨ ᠤ ᠬᠤᠰᠢᠭᠤ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠭᠤᠣᠯ ᠰᠡᠳᠦᠪᠲᠦ ᠠᠵᠢᠯᠯᠠᠭ᠎ᠠ ᠵᠢᠴᠢ ᠡᠪᠯᠡᠯ ᠳᠤ ᠣᠷᠣᠬᠤ ᠶᠣᠰᠣᠯᠠᠯ ᠶᠠᠪᠤᠭᠤᠯᠵᠤ᠂ ᠵᠠᠭᠤᠨ ᠨᠡᠷ᠎ᠡ ᠰᠢᠨ᠎ᠡ ᠡᠪᠯᠡᠯ ᠤᠨ ᠭᠡᠰᠢᠭᠦᠨ ᠡᠪ ᠬᠠᠮᠲᠤ ᠵᠠᠯᠠᠭᠤᠴᠤᠳ ᠤᠨ ᠡᠪᠯᠡᠯ ᠳᠤ ᠣᠷᠣᠪᠠ᠃      ᠠᠵᠢᠯᠯᠠᠭ᠎ᠠ ᠳᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠰᠢᠨ᠎ᠡ ᠡᠪᠯᠡᠯ ᠤᠨ ᠭᠡᠰᠢᠭᠦᠳ ᠲᠤ ᠡᠪᠯᠡᠯ ᠤᠨ ᠰᠦᠯᠳᠡ ᠪᠣᠯᠤᠨ ᠡᠪᠯᠡᠯ ᠤᠨ ᠭᠡᠰᠢᠭᠦᠨ ᠤ ᠦᠨᠡᠮᠯᠡᠯ‌ᠤᠯᠭᠤᠭᠰᠠᠨ ᠤ ᠬᠠᠮᠲᠤ ᠰᠢᠨ᠎ᠡ ᠪᠠᠷ ᠡᠪᠯᠡᠯ ᠳᠤ ᠤᠷᠤᠭᠰᠠᠳ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠡᠷᠡᠰ ᠪᠠᠲᠤ ᠬᠦᠢᠴᠡᠳᠭᠡᠨ᠎ᠡ ᠭᠡᠵᠦ ᠲᠠᠩᠭᠠᠷᠢᠭᠯᠠᠵᠠᠭᠠᠪᠠ᠃ ᠠᠵᠢᠯᠯᠠᠭ᠎ᠠ ᠳᠤ ᠪᠠᠰᠠ ᠰᠢᠯᠢᠳᠡᠭ ᠡᠪᠯᠡᠯ ᠤᠨ ᠭᠡᠰᠢᠭᠦᠨ ᠪᠣᠯᠤᠨ ᠡᠪᠯᠡᠯ ᠤᠨ ᠺᠠᠳ᠋ᠷᠴᠤᠳ ᠢ ᠬᠥᠬᠢᠭᠦᠯᠦᠨ ᠰᠠᠶᠢᠰᠢᠶᠠᠵᠤ᠂ ᠡᠪᠯᠡᠯ ᠤᠨ ᠭᠡᠰᠢᠭᠦᠨ ᠤ ᠲᠦᠯᠦᠭᠡᠯᠡᠭᠴᠢᠳ ᠠᠴᠠ ᠤᠷᠢᠳ ᠬᠤᠵᠢᠳ ᠶᠠᠷᠢᠶ᠎ᠠ ᠲᠠᠯᠪᠢᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠢᠷᠠᠭᠤ ᠠᠯᠳᠠᠷᠲᠤ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ ᠶᠠᠪᠤᠨ᠎ᠠ ᠭᠡᠵᠦ ᠵᠤᠷᠢᠭ ᠢᠶᠠᠨ ᠢᠯᠡᠳᠭᠡᠵᠡᠭᠡᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号