| | 3 ᠰᠠᠷ᠎ᠠ ᠶᠢᠨ 28 ᠤ ᠡᠳᠦᠷ᠂ ᠡᠯᠡᠰᠦ ᠮᠠᠩᠬᠠᠨ ᠳᠤ ᠮᠠᠰᠢᠨ ᠲᠡᠷᠭᠡ ᠤᠷᠤᠯᠳᠤᠬᠤ ᠲᠡᠷᠭᠡᠴᠢᠳ ᠪᠤᠯᠤᠨ | ᠵᠢᠭᠤᠯᠴᠢᠯᠠᠭᠰᠠᠳ ᠮᠠᠨ ᠤ ᠬᠤᠰᠢᠭᠤᠨ ᠳᠤ ᠵᠠᠯᠭᠠᠭ᠎ᠠ ᠪᠠᠷ ᠬᠦᠷᠴᠦ ᠢᠷᠡᠵᠡᠭᠡᠨ᠂ ᠤᠩᠨᠢᠭᠤᠳ ᠨᠤᠲᠤᠭ ᠲᠤ | ᠤᠨᠴᠠ ᠶᠢᠨ ᠰᠠᠶᠢᠬᠠᠨ ᠨᠠᠶᠢᠷ ᠬᠦᠷ ᠨᠡᠮᠡᠵᠦ ᠪᠠᠶᠢᠯ᠎ᠠ᠃ | ᠭᠤᠤᠯᠯᠠᠨ ᠡᠷᠬᠢᠯᠡᠬᠦ ᠨᠢᠭᠡᠴᠡ ᠶᠢᠨ ᠬᠢᠨ᠂ ᠣᠩᠨᠢᠭᠤᠳ ᠲᠤ ᠢᠷᠡᠭᠰᠡᠨ ᠲᠡᠷᠭᠡᠴᠢᠳ ᠢᠶᠠᠨ ᠲᠦᠷᠭᠡᠨ ᠵᠠᠮ ᠤᠨ | ᠡᠭᠦᠳᠡᠨ ᠳᠤ ᠪᠠᠶᠠᠷᠯᠠᠨ ᠤᠭᠲᠤᠬᠤ ᠶᠣᠰᠣᠯᠠᠯ ᠶᠠᠪᠤᠭᠤᠯᠵᠤ᠂ ᠵᠣᠴᠢᠳ ᠲᠤ ᠪᠠᠨ ᠬᠠᠳᠠᠭ ᠲᠠᠢ ᠠᠷᠢᠬᠢ ᠪᠠᠷᠢᠨ᠂ | ᠤᠩᠨᠢᠭᠤᠳ ᠨᠤᠲᠤᠭ ᠤᠨ ᠠᠷᠠᠳ ᠲᠦᠮᠡᠨ ᠤ ᠬᠦᠰᠡᠯ ᠵᠥᠩᠨᠡᠯ ᠢ ᠳᠡᠪᠰᠢᠭᠦᠯᠵᠦ ᠪᠠᠶᠢᠯ᠎ᠠ᠃ | ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ᠂ ᠪᠡᠶ᠎ᠡ ᠲᠠᠮᠢᠷ᠂ ᠮᠠᠯ ᠲᠠᠷᠢᠶᠠᠯᠠᠩ᠂ ᠠᠷᠠᠯᠵᠢᠶ᠎ᠠ | ᠬᠤᠳᠠᠯᠳᠤᠭ᠎ᠠ ᠶᠢ ᠠᠭᠤᠰᠤᠯᠴᠠᠭᠤᠯᠬᠤ ᠠᠵᠢᠯᠯᠠᠭ᠎ᠠ ᠶᠢᠨ ᠠᠩᠬᠠᠳᠠᠭᠴᠢ ᠲᠣᠮᠣ ᠬᠡᠯᠪᠡᠷᠢ ᠶᠢᠨ ᠠᠵᠢᠯᠯᠠᠭ᠎ᠠ | ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠤᠷᠤᠯᠳᠤᠭᠠᠨ ᠳᠤ ᠡᠯᠡᠰᠦ ᠲᠤᠭᠤᠯᠬᠤ ᠳᠤᠭᠤᠶᠢᠯᠠᠩ᠂ ᠭᠠᠭᠴᠠ | ᠲᠡᠷᠭᠡᠨ ᠤ ᠳᠤᠭᠤᠶᠢᠯᠠᠩ᠂ T2 ᠳᠤᠭᠤᠶᠢᠯᠠᠩ᠂ ᠮᠣᠲ᠋ᠣᠷ ᠲᠡᠷᠭᠡᠨ ᠤ ᠳᠤᠭᠤᠶᠢᠯᠠᠩ᠂ ᠠᠷᠠᠯᠵᠢᠶ᠎ᠠ ᠬᠤᠳᠠᠯᠳᠤᠭᠠᠨ ᠤ | ᠳᠤᠭᠤᠶᠢᠯᠠᠩ ᠵᠡᠷᠭᠡ 5 ᠳᠤᠭᠤᠶᠢᠯᠠᠩ ᠬᠤᠪᠢᠶᠠᠨ᠂ 5000 ᠭᠠᠷᠤᠢ ᠤᠷᠤᠯᠳᠤᠭᠴᠢᠳ 2 ᠡᠳᠦᠷ ᠤᠨ | ᠬᠤᠭᠤᠴᠠᠭ᠎ᠠ ᠲᠠᠢ ᠰᠢᠷᠦᠭᠦᠨ ᠥᠷᠢᠰᠦᠯᠳᠦᠭᠡᠨ ᠢᠶᠠᠨ ᠡᠬᠢᠯᠡᠭᠦᠯᠬᠦ ᠪᠣᠯᠤᠨ᠎ᠠ᠃ | |