ᠮᠥᠩᠬᠡ ᠪᠣᠷᠣᠬᠤᠲᠠ ᠪᠠᠯᠭᠠᠰᠤ ᠪᠣᠯᠤᠨ ᠡᠤ ᠹᠧᠨ ᠳ᠋ᠢ ᠪᠠᠯᠭᠠᠰᠤᠨ ᠳᠤ ᠭᠦᠨᠵᠡᠭᠡᠶᠢᠷᠡᠨ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/7
     3 ᠰᠠᠷ᠎ᠠ ᠶᠢᠨ 28 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠪᠣᠷᠣᠬᠤᠲᠠ ᠪᠠᠯᠭᠠᠰᠤ ᠂ ᠡᠤ ᠹᠧᠨ ᠳ᠋ᠢ ᠪᠠᠯᠭᠠᠰᠤᠨ ᠳᠤ ᠭᠦᠨᠵᠡᠭᠡᠶᠢᠷᠡᠨ᠂ ᠣᠶ ᠰᠢᠭᠤᠶ᠂ ᠡᠪᠡᠰᠦ ᠪᠡᠯᠴᠢᠭᠡᠷ ᠢ ᠰᠦᠢᠳᠬᠡᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠮᠢ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃     ᠪᠠᠶᠢᠴᠠᠭᠠᠨ ᠰᠤᠳᠤᠯᠤᠯᠲᠠ ᠶᠢᠨ ᠳᠤᠮᠳᠠ ᠮᠦᠩᠭᠡ ᠠᠴᠠ ᠤᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠭᠠᠵᠠᠷ ᠤᠷᠤᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠦᠵᠡᠭᠰᠡᠨ ᠤ ᠬᠠᠮᠲᠤ ᠬᠡᠷᠡᠭ ᠢ ᠰᠢᠢᠳᠪᠦᠷᠢᠯᠡᠭᠰᠡᠨ ᠠᠬᠢᠴᠠ ᠪᠤᠯᠤᠨ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠨᠠᠷᠢᠨ ᠣᠶᠢᠯᠠᠭᠠᠪᠠ᠃ ᠮᠦᠩᠬᠡ ᠴᠢᠩᠭᠠᠳᠬᠠᠭᠰᠠᠨ ᠨᠢ᠂ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠨᠢ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ᠂ ᠦᠷᠭᠦᠯᠵᠢᠯᠡᠬᠦ᠋ᠢᠴᠡ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠂ ᠡᠯ᠎ᠡ ᠭᠠᠵᠠᠷ ᠤᠷᠤᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ ᠣᠶ ᠰᠢᠭᠤᠶ ᠂ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠦᠭᠬᠦ ᠬᠡᠷᠡᠭᠲᠡᠶ ᠃ ᠬᠠᠮᠢᠶ᠎ᠠ ᠪᠥᠬᠦᠶ ᠲᠣᠭᠲᠠᠭᠠᠯ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠣᠶ ᠰᠢᠭᠤᠶ ᠶᠢ ᠰᠦᠢᠢᠳᠭᠡᠭᠰᠡᠨ ᠭᠠᠵᠠᠷ ᠤᠷᠤᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠰᠠᠶᠢᠲᠤᠷ ᠬᠢᠵᠦ᠂ ᠠᠮᠢ ᠠᠬᠤᠶ ᠶᠢ ᠪᠦᠲᠦᠮᠵᠢᠲᠡᠶ ᠰᠡᠷᠭᠦᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠵᠤ᠂ ᠣᠷᠳᠣ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠠᠤᠯᠢ ᠲᠣᠭᠲᠠᠭᠠᠯ ᠠᠴᠠ ᠵᠥᠷᠢᠴᠡᠭᠰᠡᠨ‌ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ ᠵᠣᠭᠰᠣᠭᠠᠵᠤ᠂ ᠠᠮᠢ ᠠᠬᠤᠢ ᠶᠢᠨ ᠲᠡᠩᠴᠡᠭᠦᠷᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号