ᠪᠥᠬᠦ ᠬᠤᠰᠢᠭᠤᠨ ᠤ ᠠᠭᠤᠷᠬᠠᠶ ᠶᠢᠨ ᠦᠢᠯᠡᠰ ᠢ ᠴᠢᠨᠠᠷ ᠰᠠᠶᠢᠲᠠᠶ ᠬᠦᠭᠵᠢᠭᠦᠯᠬᠦ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
     3 ᠰᠠᠷ᠎ᠠ ᠶᠢᠨ 21 ᠤ ᠡᠳᠦᠷ᠂ ᠪᠥᠬᠦ ᠬᠤᠰᠢᠭᠤᠨ ᠤ ᠠᠭᠤᠷᠬᠠᠶ ᠶᠢᠨ ᠦᠢᠯᠡᠰ ᠢ ᠴᠢᠨᠠᠷ ᠰᠠᠶᠢᠲᠠᠶ ᠬᠦᠭᠵᠢᠭᠦᠯᠬᠦ ᠰᠠᠭᠤᠳᠠᠯ ᠤᠨ ᠬᠤᠷᠠᠯ ᠬᠤᠷᠠᠯᠳᠤᠭᠤᠯᠵᠤ᠂ ᠰᠢᠨ᠎ᠡ ᠡᠭᠡᠯᠵᠢ ᠶᠢᠨ ᠠᠭᠤᠷᠬᠠᠢ ᠬᠠᠶᠢᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠂ ᠣᠩᠨᠢᠭᠤᠳ ᠬᠤᠰᠢᠭᠤᠨ ᠤ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠭᠡᠵᠦ᠂ ᠵᠠᠰᠠᠭ᠂ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠬᠤᠷᠠᠯ ᠢ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠩᠨᠢᠭᠤᠳ ᠬᠤᠰᠢᠭᠤ ᠨᠢ ᠤᠯᠠᠭᠠᠨᠬᠠᠳᠠ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠣᠷᠣᠨ ᠪᠣᠯᠤᠭᠰᠠᠨ ᠤ ᠬᠤᠪᠢ ᠳᠤ᠂ ᠰᠢᠨ᠎ᠡ ᠡᠭᠡᠯᠵᠢ ᠶᠢᠨ ᠠᠭᠤᠷᠬᠠᠶ ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠨ᠂ ᠠᠭᠤᠷᠬᠠᠶ ᠶᠢ ᠶᠡᠬᠡᠪᠡᠷ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠪᠠᠳᠠᠷᠠᠭᠤᠯᠵᠤ᠂ ᠪᠥᠬᠦ ᠬᠤᠰᠢᠭᠤ ᠴᠢᠨᠠᠭᠰᠢᠯᠠᠪᠠᠯ ᠪᠥᠬᠦ ᠬᠤᠲᠠ ᠶᠢᠨ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ ᠭᠡᠵᠡᠢ᠃ᠬᠤᠷᠠᠯ ᠠᠴᠠ᠂ ᠡᠬᠢ ᠪᠠᠶᠠᠯᠢᠭ ᠤᠨ ᠳᠠᠪᠠᠭᠤᠯᠢᠭ ᠢ ᠬᠡᠷᠬᠢᠨ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠣᠯ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠯᠭᠠᠮ᠎ᠠ ᠡᠭᠦᠷᠭᠡ ᠪᠣᠯᠬᠤ ᠶᠤᠮ᠃ ᠨᠢᠭᠡ ᠳᠤ᠂ ᠡᠵᠡᠩᠨᠡᠵᠦ ᠪᠠᠶᠢᠭ᠎ᠠ ᠠᠵᠤ ᠠᠬᠤᠶᠢᠯᠠᠯ ᠪᠣᠯᠤᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠰᠢᠭ ᠡᠭᠦᠳᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠠᠭᠤᠷᠬᠠᠢ ᠶᠢᠨ ᠣᠷᠣᠨ ᠤ ᠠᠭᠤᠷᠬᠠᠢ ᠬᠠᠶᠢᠬᠤ ᠪᠠ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠳᠠᠪᠠᠭᠤᠯᠢᠭ ᠠᠭᠤᠷᠬᠠᠢ ᠶᠢᠨ ᠲᠦᠷᠦᠯ ᠢ ᠨᠠᠷᠢᠯᠢᠭ ᠡᠳ᠋ᠰᠢᠭᠦᠯᠬᠦ ᠪᠠ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠶᠢ ᠠᠬᠢᠭᠤᠯᠬᠤ ᠬᠡᠷᠡᠭᠲᠡᠢ᠃ ᠲᠦᠷᠪᠡ ᠳᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠠᠭᠤᠷᠬᠠᠢ ᠶᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠲᠠᠪᠤ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠦᠢᠯᠡᠳᠪᠦᠷᠢᠯᠡᠯ ᠢᠶᠠᠨ ᠥᠷᠭᠡᠳᠬᠡᠬᠦ ᠪᠠ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠦᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠰᠠᠨᠠᠭ᠎ᠠ ᠠᠮᠤᠷ ᠪᠡᠯᠡ ᠤᠷᠤᠭᠤᠯᠬᠤ᠂ ᠦᠢᠯᠡᠳᠪᠦᠷᠢᠯᠡᠨ ᠡᠵᠡᠩᠨᠡᠬᠦ ᠪᠤᠯᠤᠨ ᠦᠷ᠎ᠡ ᠠᠰᠢᠭ ᠡᠭᠦᠳᠬᠦ ᠶᠢ ᠨᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠠᠭᠤᠷᠬᠠᠶ ᠶᠢᠨ ᠦᠢᠯᠡᠰ ᠤᠨ ᠠᠵᠤ ᠠᠬᠤᠶᠢᠯᠠᠯᠲᠠᠨ ᠤ ᠲᠥᠯᠥᠭᠡᠯᠡᠭᠴᠢ ᠪᠤᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠴᠠ ᠬᠤᠰᠢᠭᠤᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠠᠭᠤᠷᠬᠠᠶ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠬᠤᠰᠢᠭᠤᠨ ᠳᠡᠳ᠋ ᠳᠠᠷᠤᠭ᠎ᠠ ᠸᠠᠩ ᠵᠢᠶᠦ᠋ᠨ ᠵᠢᠶᠦ᠋ᠨ ᠠᠭᠤᠷᠬᠠᠶ ᠶᠢᠨ ᠠᠵᠤ ᠠᠬᠤᠶ ᠶᠢᠨ ᠬᠤᠯᠪᠣᠭᠳᠠᠯ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠡ᠃      ᠭᠤᠤ ᠶᠦᠩ ᠡᠤ᠂ ᠵᠦ ᠴᠦᠨ ᠶᠦᠩ᠂ ᠵᠠᠩ ᠴᠢᠶᠠᠩ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号