| | 3 ᠰᠠᠷ᠎ᠠ ᠶᠢᠨ 21 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠮᠠ ᠶᠦᠩ ᠭᠠᠩ ᠡᠯᠡᠰᠦ ᠮᠠᠩᠬᠠᠨ ᠳᠤ ᠮᠠᠰᠢᠨ ᠲᠡᠷᠭᠡ ᠬᠡᠭᠡᠷᠡᠯᠡᠨ ᠳᠠᠪᠬᠢᠭᠤᠯᠬᠤ ᠤᠷᠤᠯᠳᠤᠭᠠᠨ ᠤ | ᠠᠬᠢᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠡᠯᠡᠳᠬᠡᠯ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠠᠭᠠᠨ ᠪᠠᠶᠢᠷᠷᠢᠯᠠᠭᠤᠯᠤᠯᠲᠠ ᠬᠢᠪᠡ᠃ ᠭᠤᠤ ᠶᠦᠩ | ᠡᠤ᠂ ᠸᠠᠩ ᠵᠢᠶᠦ᠋ᠨ ᠵᠢᠶᠦ᠋ᠨ᠂ ᠬᠤ᠋ ᠹᠧᠩ ᠶᠠᠨ᠂ ᠳ᠋ᠦᠩ ᠵᠢᠦ ᠪᠢᠩ᠂ ᠴᠠᠭᠠᠨᠪᠠᠭᠠᠲᠤᠷ᠂ ᠳ᠋ᠠᠢ ᠢᠦᠢ ᠬᠤᠸᠠ᠂ ᠯᠢ | ᠬᠤᠢ᠂ ᠸᠠᠩ ᠶᠦᠩ ᠯᠢ᠂ ᠳᠤᠪᠳᠤᠨᠰᠡᠩᠭᠡ ᠬᠤᠷᠠᠯ ᠳᠤ ᠣᠷᠣᠯᠴᠠᠪᠠ᠃ | ᠬᠤᠷᠠᠯ ᠠᠴᠠ᠂ ᠡᠯᠡᠰᠦ ᠮᠠᠩᠬᠠᠨ ᠳᠤ ᠮᠠᠰᠢᠨ ᠲᠡᠷᠭᠡ ᠬᠡᠭᠡᠷᠡᠯᠡᠨ ᠳᠠᠪᠬᠢᠭᠤᠯᠬᠤ ᠤᠷᠤᠯᠳᠤᠭᠠᠨ ᠪᠣᠯ | ᠣᠩᠨᠢᠭᠤᠳ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠳᠡᠯᠭᠡᠨ ᠦᠵᠡᠭᠦᠯᠬᠦ᠂ ᠣᠩᠨᠢᠭᠤᠳ | ᠬᠤᠰᠢᠭᠤᠨ ᠤ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠴᠢᠬᠤᠯᠠ ᠲᠠᠪᠴᠠᠩ ᠪᠣᠯᠤᠨ᠎ᠠ᠃ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠤᠯᠳᠤᠭᠠᠨ ᠤ | ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ | ᠤᠷᠤᠯᠳᠤᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠤᠨ ᠡᠮᠬᠢ ᠵᠢᠷᠤᠮ ᠲᠠᠢ ᠠᠭᠢᠬᠤ ᠶᠢ ᠦᠨᠡᠨᠬᠦ ᠪᠠᠲᠤᠯᠠᠬᠤ | ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠵᠠᠮ ᠬᠠᠷᠢᠯᠴᠠᠭ᠎ᠠ᠂ ᠭᠠᠯ | ᠰᠡᠷᠭᠡᠶᠢᠯᠡᠯᠲᠡ᠂ ᠡᠮ ᠡᠮᠨᠡᠯᠭᠡ ᠵᠡᠷᠭᠡ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠂ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ | ᠴᠢᠩᠭᠠᠳᠬᠠᠵᠤ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠤᠷᠤᠯᠳᠤᠭᠠᠨ ᠤ | ᠮᠡᠳᠡᠭᠡ ᠵᠠᠩᠭᠢ ᠶᠢ ᠥᠷᠭᠡᠨ ᠢᠶᠠᠷ ᠲᠠᠷᠬᠠᠭᠠᠵᠤ᠂ ᠤᠷᠤᠯᠳᠤᠭᠠᠨ ᠤ ᠲᠠᠲᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ | ᠭᠡᠵᠡᠢ᠃ | |