ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠬᠤᠷᠢᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
     3 ᠰᠠᠷ᠎ᠠ ᠶᠢᠨ 21 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠬᠤᠷᠢᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠳᠡᠳ᠋ ᠲᠡᠷᠢᠭᠦᠯᠡᠭᠴᠢ ᠤᠳᠤᠨᠴᠢᠮᠡᠭ᠂ ᠰᠠᠶᠢᠨᠪᠠᠲᠤ᠂ ᠶᠠᠩ ᠪᠦᠦ ᠰᠧᠨ᠂ ᠵᠠᠩ ᠫᠧᠩ ᠨᠠᠷ ᠬᠤᠷᠠᠯ ᠳᠤ ᠣᠷᠣᠯᠴᠠᠵᠠᠶ᠃      ᠬᠤᠷᠠᠯ ᠠᠴᠠ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠂ ︽ᠯᠢᠦ ᡁᠢ ᠴᠢᠩ ᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠬᠤᠷᠢᠶᠠᠨ ᠤ ᠭᠡᠰᠢᠭᠦᠨ ᠤ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠲᠤᠬᠠᠶ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠪᠠ︔ ︽ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠬᠤᠷᠢᠶᠠᠨ ᠤ ᠲᠤᠰᠬᠠᠶ ᠵᠥᠪᠯᠡᠯ ᠤᠨ ᠡᠷᠬᠢᠯᠡᠭᠴᠢ ᠶᠢᠨ ᠲᠤᠰᠢᠶᠠᠯ ᠳᠤ ᠲᠣᠮᠢᠯᠠᠵᠤ ᠪᠠᠭᠤᠯᠭᠠᠬᠤ ᠲᠤᠬᠠᠶ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠵᠥᠪᠯᠡᠯᠭᠡ ᠦᠭᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠶ︔ ᠬᠠᠷᠢᠭᠤᠴᠠᠯᠭ᠎ᠠ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠬᠤ ᠬᠡᠷᠡᠭᠲᠡᠶ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号