ᠱᠸᠦ ᠱᠠᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠵᠣᠯᠭᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
     3 ᠰᠠᠷ᠎ᠠ ᠶᠢᠨ 24 ᠤ ᠡᠳᠦᠷ᠂ ᠮᠠᠨ ᠤ ᠬᠤᠰᠢᠭᠤ᠂ ᠱᠸᠦ ᠱᠠᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠵᠣᠯᠭᠠᠭᠤᠯᠬᠤ ᠬᠤᠷᠠᠯ ᠬᠤᠷᠠᠯᠳᠤᠭᠤᠯᠵᠤ᠂ ᠮᠥᠩᠬᠡ᠂ ᠮᠠ ᠶᠦᠩ ᠭᠠᠩ᠂ ᠸᠠᠩ ᠵᠢᠶᠦ᠋ᠨ ᠵᠢᠶᠦ᠋ᠨ᠂ ᠵᠦ ᠴᠦᠨ ᠶᠦᠩ᠂ ᠴᠠᠭᠠᠨᠪᠠᠭᠠᠲᠤᠷ᠂ ᠦ᠋ ᠯᠢᠶᠠᠩ ᠵᠢᠶᠦ᠋ᠨ ᠨᠠᠷ ᠬᠤᠷᠠᠯ ᠳᠤ ᠣᠷᠣᠯᠴᠠᠵᠠᠶ᠃      ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠠᠴᠠ ᠲᠣᠰ ᠤᠳᠠᠭᠠᠨ ᠤ ᠵᠣᠯᠭᠠᠯᠴᠠᠭ᠎ᠠ ᠶᠢᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠱᠧᠦ ᠱᠠᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠴᠦᠲᠡᠶ ᠳᠡᠮᠵᠢᠯᠭᠡ ᠦᠵᠡᠭᠦᠯᠵᠦ ᠪᠠᠶᠢᠬᠤ ᠪᠠᠨ ᠢᠯᠡᠳᠭᠡᠭᠰᠡᠨ ᠤ ᠬᠠᠮᠲᠤ ᠤᠩᠨᠢᠭᠤᠳ ᠬᠤᠰᠢᠭᠤ ᠨᠢ ᠰᠠᠶᠢᠨ ᠰᠠᠶᠢᠬᠠᠨ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠤᠯᠭᠠᠨ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠪᠠᠲᠤᠯᠠᠭ᠎ᠠ ᠶᠢ ᠢᠳᠡᠪᠬᠢᠲᠡᠢ ᠬᠠᠩᠭᠠᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠳᠤ ᠬᠦᠴᠦᠨ ᠨᠡᠮᠡᠷᠢᠯᠡᠨ᠎ᠡ ᠭᠡᠵᠡᠢ᠃      ᠱᠸᠦ ᠱᠠᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠦ᠋ ᠯᠢᠶᠠᠩ ᠵᠢᠶᠦ᠋ᠨ ᠠᠴᠠ ᠺᠣᠮᠫᠠᠨᠢ ᠶᠢᠨ ᠬᠥᠭᠵᠢᠯᠲᠡ ᠶᠢᠨ ᠶᠠᠪᠤᠴᠠ᠂ ᠲᠤᠬᠠᠶᠢᠯᠠᠭᠰᠠᠨ ᠠᠵᠢᠯ ᠵᠢᠴᠢ ᠢᠷᠡᠭᠡᠳᠦᠶ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠵᠡᠷᠭᠡ ᠲᠠᠯ᠎ᠠ ᠪᠠᠷ ᠨᠠᠷᠢᠯᠢᠭ ᠲᠠᠨᠢᠯᠴᠠᠭᠤᠯᠵᠠᠢ᠃      ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠠᠴᠠ ᠲᠦᠷᠦᠯ ᠵᠦᠢᠯ ᠤᠨ ᠬᠠᠮᠲᠤᠷᠠᠯᠴᠠᠭᠠᠨ ᠤ ᠲᠤᠬᠠᠢ ᠰᠠᠨᠠᠯ ᠰᠠᠨᠠᠭᠤᠯᠭ᠎ᠠ ᠲᠤᠷᠠᠳᠤᠭᠰᠠᠨ ᠤ ᠬᠠᠮᠲᠤ ᠬᠤᠶᠠᠷ ᠲᠠᠯ᠎ᠠ ᠪᠠᠷ ᠢᠶᠠᠨ ᠪᠠᠰᠠ ᠬᠠᠮᠲᠤᠷᠠᠯᠴᠠᠭᠠᠨ ᠤ ᠵᠠᠭᠪᠤᠷ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠤᠯᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号