ᠲᠡᠮᠦᠷ ᠬᠠᠶᠢᠯᠤᠰᠢ ᠶᠢᠨ ᠦᠢᠯᠡᠳᠪᠦᠷᠢᠯᠡᠯ ᠴᠠᠬᠢᠯᠭᠠᠨ ᠲᠤᠤᠷᠵᠢᠯ ᠡᠨᠧᠷᠭᠢ ᠬᠠᠳᠠᠭᠠᠯᠠᠯᠲᠠ ᠶᠢ ᠨᠢᠭᠡ ᠴᠣᠭᠴᠠᠵᠢᠭᠤᠯᠬᠤ ᠲᠥᠷᠥᠯ ᠵᠦᠢᠯ  ᠢ ᠵᠣᠯᠭᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
      3 ᠰᠠᠷ᠎ᠠ ᠶᠢᠨ 24 ᠤ ᠡᠳᠦᠷ᠂ ᠲᠡᠮᠦᠷ ᠤᠨ ᠬᠠᠶᠢᠯᠤᠰᠢ᠂ ᠴᠠᠬᠢᠯᠭᠠᠨ ᠲᠤᠤᠷᠵᠢᠯ᠂ ᠡᠨᠧᠷᠭᠢ ᠬᠠᠳᠠᠭᠠᠯᠠᠯᠲᠠ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠵᠣᠯᠭᠠᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠪᠤᠯᠤᠨ ᠬᠤᠰᠢᠭᠤᠨ ᠳᠡᠳ᠋ ᠳᠠᠷᠤᠭ᠎ᠠ ᠸᠠᠩ ᠵᠢᠶᠦ᠋ᠨ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠲᠡᠮᠦᠷ ᠬᠠᠶᠢᠯᠤᠰᠢ ᠶᠢᠨ ᠦᠢᠯᠡᠳᠪᠦᠷᠢᠯᠡᠯ᠂ ᠴᠠᠬᠢᠯᠭᠠᠨ ᠲᠤᠤᠷᠵᠢᠯ᠂ ᠡᠨᠧᠷᠭᠢ ᠬᠠᠳᠠᠭᠠᠯᠠᠯᠲᠠ ᠶᠢ ᠨᠢᠭᠡ ᠴᠣᠭᠴᠠᠵᠢᠭᠤᠯᠬᠤ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠ ᠡᠯ᠎ᠡ ᠵᠦᠢᠯ ᠤᠨ ᠪᠠᠲᠤᠯᠠᠭ᠎ᠠ ᠶᠢ ᠴᠢᠩᠭᠠᠳᠬᠠᠨ ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ ᠭᠡᠵᠡᠢ᠃      ᠠᠵᠤ ᠠᠬᠤᠶᠢᠯᠠᠯ ᠤᠨ ᠬᠠᠷᠢᠭᠤᠴᠠᠯᠭᠠᠲᠠᠳ ᠠᠴᠠ ᠢᠯᠡᠷᠬᠡᠶᠢᠯᠡᠭᠰᠡᠨ ᠨᠢ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠤᠷᠤᠭᠤᠯᠬᠤ ᠶᠢ ᠬᠠᠮᠲᠤ ᠪᠠᠷ ᠠᠬᠢᠭᠤᠯᠤᠨ᠎ᠠ ᠭᠡᠵᠡᠢ᠃      ᠬᠤᠷᠠᠯ ᠳᠡᠭᠡᠷ᠎ᠡ᠂ ᠤᠯᠠᠨ ᠢᠶᠠᠷ ᠢᠶᠠᠨ ᠲᠥᠷᠥᠯ ᠵᠦᠶ᠋ᠯ ᠤᠨ ᠮᠡᠷᠭᠡᠵᠢᠯ ᠤᠨ ᠪᠣᠯᠤᠮᠵᠢᠲᠤ ᠴᠢᠨᠠᠷ᠂ ᠠᠵᠤ ᠠᠬᠤᠢ ᠶᠢᠨ ᠵᠦᠢ ᠵᠤᠬᠢᠰᠲᠤ ᠴᠢᠨᠠᠷ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠢᠴᠢ ᠬᠡᠷᠡᠭᠵᠢᠭᠦᠯᠬᠦ ᠶᠠᠪᠤᠴᠠ ᠳᠤ ᠲᠤᠯᠭᠠᠷᠠᠵᠤ ᠮᠡᠳᠡᠬᠦ ᠠᠰᠠᠭᠤᠳᠠᠯ ᠤᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠵᠠᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号