ᠮᠥᠩᠬᠡ  ᠡᠯᠡᠰᠥ  ᠮᠠᠩᠬᠠᠨ ᠳᠤ ᠬᠡᠭᠡᠷᠯᠡᠨ ᠳᠠᠪᠬᠢᠬᠤ ᠤᠷᠤᠯᠳᠤᠭᠠᠨ ᠤ ᠪᠡᠯᠡᠳᠬᠡᠯ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2025/4/7
     ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠪᠣᠯᠤᠨ ᠮᠠᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠲᠤᠷᠠᠨ ᠡᠷᠬᠢᠯᠡᠭᠰᠡᠨ   ᠬᠡᠭᠡᠷᠡᠯᠡᠨ ᠠᠶᠠᠯᠠᠭᠰᠠᠳ ᠤᠨ ᠤᠯᠠᠭᠠᠨᠬᠠᠳᠠ ᠶᠢᠨ ᠬᠠᠰ ᠯᠤᠤ ᠡᠯᠡᠰᠦᠨ ᠨᠠᠭᠤᠷ ᠳᠤ ᠬᠠᠪᠤᠷ   ᠤᠨ  ᠤᠯᠠᠷᠢᠯ ᠳᠤ ᠡᠯᠡᠰᠦ ᠶᠢ  ᠳᠤᠭᠤᠯᠬᠤ  ᠬᠡᠭᠡᠷᠯᠡᠨ ᠳᠠᠪᠬᠢᠬᠤ ᠤᠷᠤᠯᠳᠤᠭᠠᠨ ᠨᠢ  3 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ ᠮᠠᠨ ᠤ ᠬᠤᠰᠢᠭᠤᠨ ᠳᠤ  ᠶᠠᠪᠤᠭᠳᠠᠬᠤ ᠪᠠᠷ ᠲᠤᠭᠲᠠᠭᠰᠠᠨ ᠪᠠᠶᠢᠨ᠎ᠠ᠃ 3 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ  ᠡᠯᠡᠰᠥ  ᠮᠠᠩᠬᠠᠨ ᠳᠤ ᠬᠡᠭᠡᠷᠯᠡᠨ ᠳᠠᠪᠬᠢᠬᠤ ᠤᠷᠤᠯᠳᠤᠭᠠᠨ ᠤ ᠪᠡᠯᠡᠳᠬᠡᠯ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ᠃ ᠵᠦ ᠴᠦᠨ ᠶᠦᠩ᠂ ᠳ᠋ᠠᠢ ᠢᠦᠢ ᠬᠤᠸᠠ᠂  ᠳᠤᠪᠳᠤᠨᠰᠡᠩᠭᠡ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠮᠦᠩᠭᠡ ᠨᠠᠷ ᠤᠷᠢᠳ ᠬᠤᠵᠢᠳ ᠰᠣᠶᠣᠯ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ᠂ ᠬᠠᠰ ᠯᠤᠤ ᠡᠯᠡᠰᠦᠨ ᠨᠠᠭᠤᠷ ᠤᠨ ᠦᠵᠡᠮᠵᠢ ᠶᠢᠨ ᠣᠷᠣᠨ ᠵᠡᠷᠭᠡ ᠭᠠᠵᠠᠷ ᠲᠤ ᠬᠦᠷᠴᠦ᠂ ᠤᠷᠤᠯᠳᠤᠭᠠᠨ ᠤ ᠵᠠᠮ ᠤᠨ ᠪᠠᠶᠢᠷᠢᠯᠠᠭᠤᠯᠤᠯᠲᠠ᠂ ᠦᠵᠡᠭᠦᠯᠦᠯᠭᠡ ᠶᠢᠨ ᠲᠢᠩᠬᠢᠮ᠂ ᠳᠡᠯᠭᠡᠨ ᠦᠵᠡᠭᠦᠯᠬᠦ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠮᠦᠩᠬᠡ  ᠶᠠᠷᠢᠶᠠᠨ ᠳᠠᠭᠠᠨ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ  ᠨᠢᠭᠲᠠᠷᠠᠨ ᠪᠦᠯᠬᠦᠮᠳᠡᠵᠥ᠂ ᠡᠯ᠎ᠡ ᠵᠦᠢᠯ ᠤᠨ ᠪᠡᠯᠡᠳᠬᠡᠯ ᠠᠵᠢᠯ ᠢ ᠲᠠᠬᠢᠨ  ᠡᠮᠬᠢᠯᠡᠨ᠂  ᠪᠠᠶᠢᠴᠠᠭᠠᠵᠤ  ᠴᠢᠩᠭᠠᠳᠬᠠᠨ᠂ ᠠᠵᠢᠯ ᠤᠨ ᠬᠤᠪᠢᠶᠠᠷᠢᠯᠠᠯ ᠲᠣᠳᠣᠷᠬᠠᠢ᠂  ᠡᠭᠦᠷᠭᠡ ᠬᠠᠷᠢᠭᠤᠴᠠᠯᠭ᠎ᠠ ᠶᠢ  ᠰᠠᠶᠢᠲᠤᠷ  ᠨᠠᠶᠢᠳᠠᠪᠤᠷᠢᠵᠢᠭᠤᠯᠵᠤ᠂ ᠤᠷᠤᠯᠳᠤᠭᠠᠨ ᠢ ᠥᠪᠡᠷᠮᠢᠴᠡ ᠣᠨᠴᠠᠯᠢᠭ ᠲᠠᠢ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠵᠤ᠂ ᠤᠷᠤᠯᠳᠤᠭᠠᠨ ᠢᠶᠠᠷ ᠵᠤᠭᠠᠴᠠᠯ ᠢ ᠠᠬᠢᠭᠤᠯᠬᠤ᠂  ᠲᠠᠮᠢᠷ ᠬᠦᠳᠡᠯᠭᠡᠭᠡᠨ ᠢᠶᠠᠷ ᠦᠢᠯᠡᠰ ᠢᠶᠠᠨ ᠬᠥᠭᠵᠢᠭᠦᠯᠬᠦ ᠶᠢ ᠦᠨᠡᠨᠬᠦ ᠪᠡᠶᠡᠯᠡᠭᠦᠯᠵᠦ᠂ ᠰᠣᠶᠣᠯ ᠵᠤᠭᠠᠴᠠᠯ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠡᠯᠡᠰᠥ  ᠮᠠᠩᠬᠠᠨ  ᠳᠤ ᠬᠡᠭᠡᠷᠯᠡᠨ ᠳᠠᠪᠬᠢᠬᠤ ᠤᠷᠤᠯᠳᠤᠭᠠᠨ ᠤ ᠠᠵᠢᠯᠯᠠᠭ᠎ᠠ ᠶᠢ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠵᠤ ᠂ ᠲᠠᠷᠢᠶᠠᠯᠠᠩ ᠰᠣᠶᠣᠯ ᠵᠢᠭᠤᠯᠴᠢᠯᠠᠯ ᠤᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠂ ︽ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ  ᠲᠠᠮᠢᠷ ᠬᠤᠳᠠᠯᠳᠤᠭ᠎ᠠ︾ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶ ᠠᠬᠢᠭᠤᠯᠵᠤ᠂ ᠬᠡᠷᠡᠭᠯᠡᠭᠡ ᠶᠢᠨ ︽ᠰᠢᠨ᠎ᠡ ᠠᠮᠢᠵᠢᠷᠠᠯ ᠤᠨ ᠬᠦᠴᠦᠨ︾ ᠢ ᠲᠠᠰᠤᠷᠠᠯᠲᠠ ᠥᠬᠡᠶ ᠬᠥᠭᠵᠢᠭᠡᠨ᠂ ᠬᠤᠲᠠ  ᠲᠤᠭᠤᠷᠢᠭ  ᠢ  ᠬᠦᠭᠵᠢᠶᠡᠨ ᠲᠠᠢ ᠪᠤᠯᠭᠠᠨ᠂ ᠣᠩᠨᠢᠭᠤᠳ ᠬᠤᠰᠢᠭᠤᠨ ᠤ ︽ᠰᠢᠨ᠎ᠡ ᠠᠭᠤᠷ ᠠᠮᠢᠰᠬᠤᠯ︾ ᠢ ᠢᠯᠡᠷᠡᠭᠦᠯᠬᠦ ᠬᠡᠷᠡᠭᠲᠡᠶ ᠭᠡᠵᠥ ᠴᠢᠩᠭᠠᠳᠬᠠᠭᠰᠠᠨ ᠪᠠᠶᠢᠨ᠎ᠠ᠃       ᠮᠥᠩᠬᠡ  ᠪᠠᠰᠠ ᠶᠠᠷᠢᠶᠠᠨ ᠳᠠᠭᠠᠨ ᠦᠢᠯᠡᠴᠢᠯᠡᠭᠡ   ᠶᠢᠨ ᠪᠠᠲᠤᠯᠠᠭ᠎ᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ  ᠲᠤᠬᠢᠷᠠᠭᠤᠯᠵᠤ᠂ ᠵᠠᠮ ᠬᠠᠷᠢᠯᠴᠠᠭ᠎ᠠ ᠶᠢ  ᠰᠠᠭᠠᠳ ᠦᠭᠡᠢ ᠨᠡᠪᠲᠡᠷᠡᠭᠦᠯᠬᠦ᠂ ᠴᠠᠭ ᠠᠭᠤᠷ ᠢ ᠬᠢᠨᠠᠨ ᠬᠡᠮᠵᠢᠬᠦ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠷᠤᠯᠳᠤᠭᠠᠨ ᠳᠤ ᠣᠷᠣᠯᠴᠠᠭᠰᠠᠳ ᠤᠨ ᠪᠡᠶᠡᠴᠢᠯᠡᠨ ᠣᠶᠢᠯᠠᠭᠠᠬᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠨ ᠨᠢᠭᠲᠠ ᠪᠠᠶᠢᠷᠢᠯᠠᠭᠤᠯᠵᠤ᠂ ᠤᠷᠤᠯᠳᠤᠭᠠᠨ ᠤ ᠵᠠᠮ ᠢ ᠪᠢᠲᠡᠭᠦᠮᠵᠢᠯᠡᠨ ᠡᠵᠡᠮᠳᠡᠬᠦ ᠶᠢ ᠴᠢᠩᠭ᠎ᠠ ᠵᠣᠬᠢᠶᠠᠨ ᠪᠠᠶᠢᠭᠤᠯᠵᠤ᠂ ᠤᠷᠤᠯᠳᠤᠭᠠᠨ ᠤ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号