| 3 ᠰᠠᠷ᠎ᠠ ᠶᠢᠨ 28 ᠤ ᠡᠳᠦᠷ᠂ 《ᠬᠠᠪᠤᠷ ᠡᠯᠡᠰᠦ ᠶᠢ ᠲᠤᠭᠤᠯᠬᠤ᠂ ᠤᠯᠠᠭᠠᠨᠬᠠᠳᠠ ᠶᠢᠨ ᠬᠠᠰ ᠯᠤᠤ ᠡᠯᠡᠰᠦᠨ | ᠨᠠᠭᠤᠷ ᠤᠨ ᠡᠯᠡᠰᠥ ᠮᠠᠩᠬᠠᠨ ᠳᠤ ᠬᠡᠭᠡᠷᠯᠡᠨ ᠳᠠᠪᠬᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ》 ᠤ ᠰᠢᠷᠢᠰ ᠠᠵᠢᠯᠯᠠᠭ᠎ᠠ | ᠪᠤᠯᠬᠤ ᠣᠩᠨᠢᠭᠤᠳ ᠬᠤᠰᠢᠭᠤᠨ ᠤ ᠣᠨᠴᠠᠯᠢᠭᠲᠤ ᠪᠦᠲᠦᠭᠡᠭᠳᠡᠬᠦᠨ ᠤ ᠳᠡᠯᠭᠡᠨ ᠪᠤᠷᠤᠯᠠᠭᠤᠯᠭ᠎ᠠ ᠶᠢᠨ ᠰᠢᠭᠤᠳ | ᠨᠡᠪᠲᠡᠷᠡᠭᠦᠯᠭᠡ᠂ ᠴᠠᠭᠠᠨ ᠢᠳᠡᠭᠡᠨ ᠤ ᠰᠢᠯᠭᠠᠷᠠᠭᠤᠯᠤᠯᠳᠠ ᠪᠠ ᠦᠨᠳᠦᠰᠦᠲᠡᠨ ᠤ ᠬᠤᠪᠴᠠᠰᠤ ᠵᠠᠰᠠᠯ ᠬᠠᠳᠬᠤᠮᠠᠯ ᠤᠨ | ᠦᠵᠡᠭᠦᠯᠦᠯᠭᠡ ᠵᠡᠷᠭᠡ ᠶᠢ ᠶᠠᠪᠤᠭᠳᠠᠭᠤᠯᠵᠤ᠂ ᠤᠷᠤᠨ ᠨᠤᠲᠤᠭ ᠤᠨ ᠤᠨᠴᠠ ᠭᠠᠷᠤᠯᠳᠠ ᠵᠤᠭᠠᠴᠠᠭᠰᠳ ᠤᠨ ᠪᠠᠭ᠋ᠠᠷᠬᠠᠯ ᠢ | ᠲᠠᠳᠠᠭᠰᠠᠨ ᠪᠠᠶᠢᠨ᠎ᠠ᠃ | ᠰᠣᠶᠣᠯ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠤᠨ ᠴᠠᠭᠠᠨ ᠢᠳᠡᠭᠡᠨ ᠤ ᠵᠦᠢᠯ ᠢ | ᠰᠢᠯᠭᠠᠷᠠᠭᠤᠯᠬᠤ ᠲᠣᠭᠤᠷᠢᠭ ᠲᠤ᠂ ᠬᠤᠯᠠ ᠭᠠᠵᠠᠷ ᠠᠴᠠ ᠬᠦᠷᠥᠯᠴᠡᠨ ᠢᠷᠡᠭᠰᠡᠨ ᠤᠷᠤᠯᠳᠤᠭᠴᠢᠳ ᠵᠤᠭᠠᠴᠠᠭᠰᠠᠳ | ᠰᠦ ᠲᠠᠢ ᠴᠠᠢ ᠤᠤᠭᠤᠨ᠂ ᠬᠤᠷᠤᠳ᠂ ᠥᠷᠥᠮ᠎ᠡ ᠠᠮᠲᠠᠷᠬᠠᠵᠤ ᠂ ᠰᠦᠯᠵᠢᠶ᠎ᠡ ᠬᠤᠯᠪᠤᠭ᠎ᠠ ᠪᠠᠷ ᠳᠠᠮᠵᠢᠨ ᠰᠢᠭᠤᠳ | ᠨᠡᠪᠲᠡᠷᠡᠭᠦᠯᠭᠡ ᠬᠢᠵᠥ ᠬᠤᠳᠠᠯᠳᠤᠭ᠎ᠠ ᠪᠤᠷᠤᠯᠠᠭᠤᠯᠭ᠎ᠠ ᠳᠤ ᠢᠳᠡ ᠬᠦᠴᠥ ᠨᠡᠮᠡᠭᠰᠡᠨ ᠪᠠᠶᠢᠨ᠎ᠠ᠃ | ᠲᠠᠷᠢᠶᠠᠯᠠᠩ ᠤᠨ ᠣᠨᠴᠠ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠲᠤ᠂ ᠬᠤᠩᠱᠠᠨ ᠲᠤᠲᠤᠷᠭ᠎ᠠ᠂ ᠰᠢᠬᠢᠷᠯᠢᠭ | ᠡᠷᠳᠡᠨᠢ ᠰᠢᠰᠢ᠂ ᠰᠠᠭᠠᠭ ᠤᠨ ᠪᠦᠲᠦᠭᠡᠭᠳᠡᠬᠦᠨ᠂ ᠰᠡᠨᠳᠡᠩ ᠮᠤᠳᠤᠨ ᠪᠦᠲᠥᠭᠡᠭᠳᠡᠬᠦᠨ ᠵᠡᠷᠭᠡ ᠵᠠᠭᠤ ᠭᠠᠷᠤᠢ ᠵᠦᠢᠯ ᠤᠨ | ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠬᠠᠷᠠᠭ᠎ᠠ ᠪᠤᠯᠢᠶᠠᠨ᠎ᠠ᠃ | ᠲᠣᠰ ᠤᠳᠠᠭᠠᠨ ᠤ ᠠᠵᠢᠯᠯᠠᠭ᠎ᠠ ᠳᠤ᠂ ᠭᠤᠤᠯᠯᠠᠨ ᠡᠷᠬᠢᠯᠡᠭᠰᠡᠨ ᠲᠠᠯ᠎ᠠ ᠪᠠᠰᠠ ᠰᠣᠶᠣᠯ ᠤᠨ ᠬᠦᠷᠲᠡᠮᠵᠢ ᠂ | ᠤᠷᠤᠯᠳᠤᠭᠠᠨ ᠤ ᠬᠦᠳᠡᠯᠥᠮᠵᠢ᠂ ᠠᠵᠤ ᠦᠢᠯᠡᠰ ᠤᠨ ᠬᠤᠯᠪᠤᠭᠠᠯᠠᠯ ᠢᠶᠠᠷ ᠳᠠᠮᠵᠢᠭᠤᠯᠤᠨ᠂ ᠤᠷᠤᠯᠳᠤᠭᠴᠢᠳ ᠪᠤᠯᠤᠨ | ᠵᠤᠭᠠᠴᠠᠭᠰᠠᠳ ᠤᠨ ᠤᠷᠤᠯᠳᠤᠭᠠᠨ ᠤ ᠬᠤᠭᠤᠴᠠᠭᠠᠨ ᠳᠠᠬᠢ ︽ᠢᠳᠡᠵᠦ ᠤᠤᠭᠤᠬᠤ ᠶᠠᠪᠤᠵᠤ ᠰᠠᠭᠤᠬᠤ ᠵᠤᠭᠠᠴᠠᠬᠤ | ᠬᠤᠳᠠᠯᠳᠤᠨ ᠠᠪᠬᠤ ᠵᠤᠭ᠎ᠠ ᠴᠡᠩᠭᠡᠯ︾ ᠤᠨ ᠪᠥᠬᠦ ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠤᠯᠳᠤᠭᠠᠨ ᠤ ︽ | ᠤᠷᠤᠰᠬᠠᠯ ᠤᠨ ᠬᠡᠮᠵᠢᠶ᠎ᠡ︾ ᠶᠢ ᠬᠡᠷᠡᠭᠯᠡᠭᠡᠨ ᠤ ︽ᠡᠨᠧᠷᠭᠢ︾ ᠪᠣᠯᠭᠠᠨ ᠬᠤᠪᠢᠷᠠᠭᠤᠯᠵᠤ᠂ ᠤᠷᠤᠨ ᠭᠠᠵᠠᠷ ᠪᠠ | ᠣᠷᠣᠯᠴᠠᠭᠴᠢ ᠵᠤᠭᠠᠴᠠᠭᠰᠠᠳ ᠤᠨ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠵᠦ᠂ ᠰᠣᠶᠣᠯ ᠵᠢᠭᠤᠯᠴᠢᠯᠠᠯ ᠪᠡᠶ᠎ᠡ ᠲᠠᠮᠢᠷ | ᠲᠠᠷᠢᠶᠠᠯᠠᠩ ᠬᠤᠳᠠᠯᠳᠤᠭᠠᠨ ᠤ ᠭᠦᠨᠵᠡᠭᠡᠶ ᠠᠭᠤᠰᠤᠯᠴᠠᠬᠤ ᠳᠤ ᠦᠨᠡᠨ ᠬᠦ ᠬᠦᠴᠦᠨ ᠨᠡᠮᠡᠷᠢᠯᠡᠭᠰᠡᠨ ᠪᠠᠶᠢᠨ᠎ᠠ᠃ |