ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠵᠢᠨ‌‍ᠰᠢᠰᠲ᠋ᠧᠮ ᠨᠢ ︽ᠺᠠᠳ᠋ᠷ ᠴᠠᠭᠳᠠᠭ᠎ᠠ ᠶᠢ ᠬᠥᠳᠡᠭᠡ ᠲᠣᠰᠬᠤᠨ ᠳᠤ ᠭᠦᠨᠵᠡᠭᠡᠶᠢᠷᠡᠭᠦᠯᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/8
     3 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠪᠥᠬᠦ ᠬᠤᠰᠢᠭᠤᠨ ᠤ ᠬᠡᠪᠴᠢᠶᠡᠨ ᠳᠤ ︽ᠵᠠᠭᠤᠨ ᠨᠡᠷ᠎ᠡ ᠺᠠᠳ᠋ᠷ ᠴᠠᠭᠳᠠᠭ᠎ᠠ ᠬᠥᠳᠡᠭᠡ ᠲᠣᠰᠬᠤᠨ ᠳᠤ ᠪᠠᠭᠤᠬᠤ︾ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠣᠯᠠᠨ ᠲᠦᠮᠡᠨ  ᠳᠤ ᠬᠦᠷᠭᠡᠵᠦ᠂ ᠦᠨᠳᠦᠰᠦᠨ ᠱᠠᠲᠤᠨ ᠤ ᠵᠠᠰᠠᠯᠲᠠ ᠳᠤ ᠬᠠᠤᠯᠢ ᠪᠠᠷ ᠵᠠᠰᠠᠬᠤ ᠬᠥᠳᠡᠯᠭᠡᠬᠦ ᠬᠦᠴᠦᠨ ᠨᠡᠮᠡᠷᠢᠯᠡᠪᠡ᠃     ᠠᠵᠢᠯᠯᠠᠭ᠎ᠠ ᠶᠢᠨ ᠳᠤᠮᠳᠠ᠂  ᠤᠯᠤᠰ ᠲᠥᠷᠥ ᠬᠠᠤᠯᠢ ᠴᠠᠭᠠᠵᠠ ᠶᠢᠨ 500 ᠭᠠᠷᠤᠶ ᠺᠠᠳ᠋ᠷ ᠴᠠᠭᠳᠠᠭ᠎ᠠ 105 ᠭᠤᠤᠯᠳᠠᠯᠭ᠎ᠠ ᠲᠠᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ  ᠭᠦᠨᠵᠡᠭᠡᠶᠢᠷᠡᠵᠥ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡ ᠶᠢ  ᠬᠦᠳᠡᠭᠡ ᠲᠤᠰᠬᠤᠨ ᠲᠤ ᠬᠦᠷᠲᠡᠯ᠎ᠡ ᠥᠷᠭᠡᠳᠬᠡᠵᠦ᠂ ᠬᠠᠤᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠯᠲᠠ ᠶᠢ  ︽ᠣᠯᠠᠨ ᠲᠦᠮᠡᠨ  ᠳᠤ ᠬᠦᠷᠭᠡᠵᠥ︾᠂ ᠬᠠᠤᠯᠢ ᠪᠠᠷ ᠵᠠᠰᠠᠬᠤ ᠦᠵᠡᠯᠲᠡ ᠶᠢ ᠬᠥᠮᠦᠰ ᠤᠨ ᠰᠡᠳᠬᠢᠯ ᠳᠤ ᠨᠠᠩ ᠭᠦᠨ  ᠬᠠᠳᠠᠩᠰᠢᠭᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号