| 3 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠵᠡᠷᠭᠡ ᠣᠯᠠᠨ | ᠰᠠᠯᠠᠭ᠎ᠠ ᠮᠥᠴᠢᠷ ᠬᠠᠮᠲᠤᠷᠠᠨ ︽ᠦᠨᠡᠨᠴᠢ ᠰᠢᠳᠤᠷᠭᠤ ᠪᠣᠯᠪᠠᠰᠤᠨ ᠦᠢᠯᠡᠳᠦᠯᠭᠡ ᠶᠢ ᠦᠷᠥᠬᠡ ᠳᠤ ᠬᠦᠷᠭᠡᠬᠦ︾ | ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ | ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠬᠢᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ | ᠲᠦᠭᠡᠮᠡᠯᠵᠢᠭᠦᠯᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠠᠰᠤᠷᠠᠯᠲᠠ ᠥᠬᠡᠶ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠪᠦᠲᠦᠮᠵᠢᠲᠡᠶ | ᠨᠡᠪᠲᠡᠷᠡᠭᠦᠯᠪᠡ |