ᠤᠳᠠᠨᠳᠤᠬᠤᠢ ᠪᠠᠯᠭᠠᠰᠤᠨ ᠤ ᠰᠠᠨ ᠱᠢ ᠵᠢᠶᠠ ᠽᠢ ᠲᠣᠰᠬᠤᠨ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠲᠣᠰᠬᠤᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2025/4/8
     ᠣᠶᠢᠷ᠎ᠠ ᠳᠤ᠂ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠲᠣᠰᠬᠤᠨ ᠪᠤᠯᠤᠨ ᠪᠠᠯᠭᠠᠰᠤ ᠶᠢᠨ ᠨᠡᠷᠡᠰ ᠢ ᠨᠡᠶᠢᠲᠡᠯᠡᠵᠦ᠂ ᠣᠩᠨᠢᠭᠤᠳ ᠬᠤᠰᠢᠭᠤᠨ ᠤ ᠤᠳᠠᠨᠳᠤᠬᠤᠢ ᠪᠠᠯᠭᠠᠰᠤᠨ ᠤ ᠰᠠᠨ ᠵᠢᠶᠠ ᠽᠢ ᠲᠣᠰᠬᠤᠨ ︽ᠪᠥᠬᠦ ᠤᠯᠤᠰ ᠤᠨ ᠪᠣᠯᠪᠠᠰᠤᠨ ᠲᠣᠰᠬᠤᠨ︾ ᠢᠶᠠᠷ ᠦᠨᠡᠯᠡᠭᠳᠡᠪᠡ᠃      ᠣᠶᠢᠷ᠎ᠠ ᠶᠢᠨ ᠵᠢᠯ ᠳᠤ᠂ ᠤᠳᠠᠨᠲᠤᠬᠤᠢ ᠪᠠᠯᠭᠠᠰᠤᠨ ᠤ ᠰᠠᠨ ᠵᠢᠶᠠ ᠽᠢ ᠲᠣᠰᠬᠤᠨ ᠨᠢ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠂ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠵᠦ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠶᠢᠨ ᠳᠠᠭᠠᠤ ︽ᠰᠢᠨᠵᠢᠯᠡᠭᠡ ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ︾᠂ ︽ᠠᠬᠠᠮᠠᠳ ᠬᠤᠪᠢᠰᠬᠠᠯᠴᠢᠳ ᠠᠴᠠ ᠰᠤᠷᠤᠯᠴᠠᠬᠤ︾ ᠵᠡᠷᠭᠡ ᠰᠢᠷᠢᠰ ᠠᠵᠢᠯᠯᠠᠭ᠎ᠠ ‍ᠦᠷᠨᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠵᠦ᠂ ᠲᠣᠰᠬᠤᠨ ᠤ ᠠᠷᠠᠳ ᠤᠨ ᠢᠶᠠᠨ ᠵᠣᠯ ᠵᠢᠷᠭᠠᠯᠲᠤ ᠲᠦᠷᠦᠭᠳᠡᠯ ᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号