ᠸᠧᠢ ᠨᠦᠩ ᠺᠣᠮᠫᠠᠨᠢ ︽2025 ᠣᠨ ᠤ ᠪᠥᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ︾ ᠲᠤ ᠰᠤᠩᠭᠤᠭᠳᠠᠪᠠ
ᠨᠡᠶᠢᠲᠡᠯᠡᠭᠰᠡᠨ ᠴᠠᠭ᠄
2025/4/8
      ᠣᠶᠢᠷ᠎ᠠ ᠳᠤ᠂ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ 2025 ᠣᠨ ᠤ ᠪᠥᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠦ᠂ ᠣᠩᠨᠢᠭᠤᠳ ᠬᠤᠰᠢᠭᠤᠨ ᠤ ᠸᠧᠢ ᠨᠦᠩ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠠᠮᠵᠢᠯᠲᠠ ᠲᠠᠢ ᠪᠠᠷ ᠰᠤᠩᠭᠤᠭᠳᠠᠭᠰᠠᠨ ᠪᠠᠶᠢᠨ᠎ᠠ᠃      ᠣᠩᠨᠢᠭᠤᠳ ᠬᠤᠰᠢᠭᠤᠨ ᠤ ᠸᠧᠢ ᠨᠦᠩ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ ᠬᠡᠪᠴᠢᠶ᠎ᠡ ᠨᠢ᠄ ᠬᠢᠮᠢ ᠶᠢᠨ ᠪᠣᠷᠳᠣᠭᠤᠷ ᠪᠣᠷᠣᠯᠠᠭᠤᠯᠬᠤ᠂ ᠠᠮᠤ ᠪᠤᠳᠠᠭ᠎ᠠ ᠳᠠᠷᠢᠬᠤ᠂ ᠲᠠᠷᠢᠶᠠᠨ ᠡᠮ ᠪᠥᠭᠡᠮ ᠢᠶᠠᠷ ᠬᠤᠳᠠᠯᠳᠤᠬᠤ᠂ ᠲᠠᠷᠢᠮᠠᠯ ᠤᠨ ᠦᠷ᠎ᠡ ᠡᠵᠡᠩᠨᠡᠬᠦ ᠪᠠ ᠲᠠᠷᠢᠶᠠᠯᠠᠩ ᠤᠨ ᠮᠠᠰᠢᠨ ᠤ ᠦᠢᠯᠡᠴᠢᠯᠡᠭᠡ ᠵᠡᠷᠭᠡ ᠶᠢ ᠬᠠᠮᠤᠷᠳᠠᠭ᠃ ᠳᠠᠷᠠᠭᠠᠴᠢ ᠪᠠᠷ᠂ ᠸᠧᠢ ᠨᠦᠩ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠨᠢ  ᠵᠢᠱᠢᠶᠡᠴᠢ  ᠳᠠᠭᠠᠭᠤᠯᠤᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠲᠠᠷᠢᠶᠠᠯᠠᠩ ᠦᠢᠯᠡᠳᠪᠦᠷᠢᠯᠡᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠲᠤᠯ ᠦᠭᠡᠢ ᠪᠦᠲᠦᠭᠡᠭᠳᠡᠬᠦᠨ ᠤ ᠬᠠᠩᠭᠠᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠦᠷᠭᠡᠳᠭᠡᠨ᠂ ᠮᠠᠯᠴᠢᠨ ᠲᠠᠷᠢᠶᠠᠴᠢᠳ ᠲᠤ ᠨᠡᠩ ᠪᠦᠷᠢᠨ ᠦᠢᠯᠡᠴᠢᠯᠡᠭᠡ ᠬᠠᠩᠭᠠᠬᠤ ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号